ᠹᠧᠩ ᠰᠢᠤᠸᠠᠢ ᠲᠤᠤ ᠪᠦᠯᠬᠦᠮ ᠳᠠᠭᠠᠭᠤᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦ ᠤᠬᠢᠶᠠᠵᠤ ᠰᠣᠩᠭᠤᠬᠤ ᠠᠵᠢᠯ ᠲᠦᠷᠦᠯ ᠢ ᠨᠢᠭᠡ ᠴᠤᠬᠴᠠᠵᠢᠭᠤᠯᠤᠨ ᠨᠡᠶᠢᠳᠬᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠪᠦᠯᠬᠦᠮ ᠳᠠᠭᠠᠭᠤᠯᠤᠨ᠂ ᠠᠵᠢᠯ ᠲᠥᠷᠥᠯ ᠢᠶᠠᠷ ᠬᠠᠷᠢᠯᠴᠠᠵᠤ ᠪᠠᠶᠢᠭ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠵᠢᠴᠢ ᠬᠠᠶᠢᠷᠤᠪ ᠤᠨ ᠲᠣᠬᠤᠶ ᠲᠣᠭᠤᠷᠢᠭ ᠤᠨ ᠨᠡᠭᠦᠷᠡᠰᠦ ᠤᠬᠢᠶᠠᠵᠤ ᠰᠣᠩᠭᠤᠬᠤ ᠠᠵᠢᠯ ᠲᠥᠷᠥᠯ ᠢ ᠨᠢᠭᠡ ᠴᠤᠭᠴᠠᠵᠢᠭᠤᠯᠤᠨ ᠨᠡᠶᠢᠳᠬᠡᠬᠦ ᠬᠦᠷᠢᠶᠡᠯᠡᠩ ᠲᠣᠭᠤᠷᠢᠭ ᠲᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃      ᠹᠧᠩ ᠰᠢᠤᠸᠠᠢ ᠲᠤᠤ ᠨᠠᠷ ᠤᠷᠢᠳ ᠬᠤᠵᠢᠳ ᠶᠢᠨ ᠵᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠿᠦᠩ ᠪᠠᠢ ᠴᠤᠸᠠᠨ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠡᠮᠵᠢᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠢ ᠬᠠᠪᠰᠤᠷᠤᠨ ᠰᠡᠳᠬᠢᠴᠡ ᠶᠢ ᠨᠢ ᠥᠷᠭᠡᠳᠬᠡᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠪᠠ᠃ ᠲᠡᠷᠡ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠣᠨᠴᠠᠭᠠᠶᠢᠯᠠᠨ ᠠᠵᠤ ᠠᠬᠤᠶᠢᠯᠠᠯ ᠳᠤ ᠦᠢᠯᠡᠴᠢᠯᠡᠬᠦ ᠶᠠᠪᠤᠴᠠ ᠳᠤ ᠢᠯᠡᠷᠡᠭᠦᠯᠦᠭᠰᠡᠨ ᠰᠠᠭᠤᠷᠢ ᠴᠢᠨᠠᠷᠲᠠᠢ᠂ ᠨᠡᠶᠢᠳᠡᠮ ᠤᠨ ᠴᠢᠨᠠᠷᠲᠠᠢ ᠠᠰᠠᠭᠤᠳᠠᠯ ᠢ ᠨᠢ ᠨᠠᠷᠢᠨ ᠬᠢᠨᠠᠮᠠᠭᠠᠢ ᠵᠠᠳᠠᠯᠤᠨ ᠳ᠋ᠦᠩᠨᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠬᠥᠪᠴᠢᠯᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠵᠠᠬ᠎ᠠ ᠳᠡᠯᠭᠡᠭᠦᠷ ᠤᠨ ᠬᠠᠨᠳᠤᠰᠢ ᠶᠢ ᠡᠵᠡᠮᠳᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠭᠤᠣᠯ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号