ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠵᠤ ᠪᠤᠶᠢᠵᠢᠭᠤᠯᠬᠤ ᠠᠵᠢᠯ ᠤᠨ ᠲᠤᠬᠠᠢ ᠰᠤᠳᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠯᠢ ᠳ᠋ᠦᠩ᠂ ᠭᠤᠤ ᠪᠥᠸᠧ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠵᠤ ᠪᠤᠶᠢᠵᠢᠭᠤᠯᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠱᠢ ᠬᠤᠸᠠᠨ ᠰᠢᠨ᠎ᠡ ᠮᠠᠲ᠋ᠧᠷᠢᠶᠠᠯ᠂ ᠳ᠋ᠦᠩ ᠵᠢᠩ ᠠᠮᠢᠳᠤ ᠪᠣᠳᠠᠰ᠂ ᠶᠤᠸᠠᠨ ᠬᠤᠩ ᠬᠢᠮᠢ ᠶᠢᠨ ᠠᠵᠤ ᠦᠢᠯᠡᠳᠪᠦᠷᠢ᠂ ᠵᠢᠶᠧ ᠲᠧ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠰᠡᠳᠬᠢᠴᠡ ᠠᠷᠭ᠎ᠠ ᠬᠡᠮᠵᠢᠶ᠎ᠡ᠂ ᠬᠦᠴᠢᠷᠳᠡᠯ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠡ᠃ ᠲᠠᠩ ᠢ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠪᠠ᠃      ᠲᠠᠩ ᠢ ᠬᠡᠯᠡᠭᠰᠡᠨ ᠨᠢ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠪᠣᠯ ᠨᠢᠭᠡ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢᠶᠠᠨ ᠢᠯᠡᠷᠡᠭᠦᠯᠬᠦ ᠴᠢᠬᠤᠯᠠ ᠲᠠᠯ᠎ᠠ ᠪᠣᠯᠤᠨ᠎ᠠ᠃ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠨᠢ ᠠᠵᠤ ᠠᠬᠤᠶᠢᠯᠠᠯ ᠤᠨ ᠲᠤᠰ ᠪᠡᠶ᠎ᠡ ᠶᠢᠨ ᠵᠢᠷᠤᠮᠵᠢᠭᠤᠨ ᠡᠵᠡᠩᠨᠡᠯᠲᠡ᠂ ᠬᠥᠭᠵᠢᠯᠲᠡ ᠪᠠᠨ ᠲᠦᠷᠭᠡᠳᠬᠡᠬᠦ ᠳᠤ ᠠᠰᠢᠭᠲᠠᠢ ᠪᠠᠷ ᠪᠠᠷᠠᠬᠤ ᠦᠭᠡᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠤ ᠴᠢᠬᠤᠯᠠ ᠦᠢᠯᠡᠳᠦᠯ ᠲᠠᠢ ᠶᠤᠮ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠵᠤ ᠪᠤᠶᠢᠵᠢᠭᠤᠯᠬᠤ ᠠᠵᠢᠯ ᠢ ᠪᠥᠬᠦ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠤᠨ ᠨᠢᠭᠡ ᠪᠣᠯᠭᠠᠨ ᠠᠬᠢᠭᠤᠯᠵᠤ ᠪᠠᠶᠢᠭ᠎ᠠ ᠨᠢ ᠳᠠᠷᠤᠶ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠨᠥᠬᠦᠴᠡᠯ ᠲᠠᠢ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠤᠯᠠᠮ ᠨᠢᠭᠡ ᠠᠯᠬᠤᠮ ᠰᠢᠯᠢᠳᠡᠭᠵᠢᠭᠦᠯᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠵᠢᠯ  ᠢᠶᠠᠨ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠳᠤᠮᠳᠠᠬᠢ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠰᠡᠷᠭᠡᠭ ᠢᠶᠠᠷ ᠣᠯᠵᠤ ᠬᠠᠷᠠᠨ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠵᠤ ᠠᠬᠤᠶᠢᠯᠠᠯ ᠢ ᠪᠤᠶᠢᠵᠢᠭᠤᠯᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠨᠢ ᠴᠢᠩᠭᠠᠷᠠᠭᠤᠯᠤᠨ᠂ ᠠᠵᠤ ᠠᠬᠤᠶᠢᠯᠠᠯ ᠢ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠳᠤ ᠦᠨᠡᠨ ᠬᠦ ᠨᠠᠩ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠪᠠ ᠬᠠᠪᠰᠤᠷᠤᠯᠭ᠎ᠠ ᠬᠠᠩᠭᠠᠬᠤ ᠬᠡᠷᠡᠭᠲᠡᠶ ᠭᠡᠵᠡᠢ᠃      ᠲᠠᠩ ᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠵᠣᠷᠢᠯᠭ᠎ᠠ ᠪᠠᠨ ᠲᠥᠪ ᠪᠣᠯᠭᠠᠬᠤ ᠬᠡᠷᠡᠭᠲᠡᠶ᠃ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠵᠥᠪ ᠦᠵᠡᠯᠲᠡ ᠶᠢ ᠪᠣᠶ ᠪᠣᠯᠭᠠᠵᠤ᠂ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠬᠤ ᠳᠤ ᠰᠠᠭᠤᠷᠢᠯᠠᠨ᠂ ᠠᠵᠤ ᠠᠬᠤᠶᠢᠯᠠᠯ ᠤᠨ ᠬᠠᠮᠢᠶᠠᠷᠤᠯᠲᠠ ᠪᠠᠨ ᠨᠠᠩ ᠵᠢᠷᠤᠮᠵᠢᠭᠤᠯᠵᠤ᠂ ᠬᠥᠭᠵᠢᠯᠲᠡ ᠪᠠᠨ ᠨᠠᠩ ᠦᠷᠭᠦᠯᠵᠢᠯᠡᠭᠦᠯᠵᠦ᠂ ᠡᠵᠡᠩᠨᠡᠯᠲᠡ ᠪᠠᠨ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢᠶᠠᠨ ᠨᠠᠷᠢᠨ ᠬᠢᠨᠠᠮᠠᠭᠠᠶ ᠲᠥᠯᠥᠪᠯᠡᠨ ᠠᠬᠢᠭᠤᠯᠵᠤ᠂ ᠠᠵᠤ ᠠᠬᠤᠶᠢᠯᠠᠯ ᠤᠨ ᠵᠠᠰᠠᠯᠲᠠ ᠶᠢᠨ ᠬᠢᠷᠢ ᠲᠦᠪᠰᠢᠨ ᠪᠠ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠵᠢᠷᠤᠮᠵᠢᠭᠤᠯᠬᠤ ᠪᠠᠷ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠬᠡᠷᠡᠭᠳᠡᠢ᠃ ᠬᠤᠶᠠᠷ ᠲᠤ᠂ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠬᠤ ᠬᠡᠷᠡᠭᠲᠡᠶ᠃ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠯᠤᠭ᠎ᠠ ᠪᠥᠬᠦ ᠲᠠᠯ᠎ᠠ ᠪᠠᠷ ᠬᠠᠷᠭᠤᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ᠂ ᠳᠣᠲᠣᠭᠠᠳᠤ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠵᠢᠷᠤᠮᠵᠢᠭᠤᠯᠤᠨ ᠰᠠᠶᠢᠵᠢᠷᠠᠭᠤᠯᠵᠤ᠂ ᠰᠠᠭᠤᠷᠢ ᠠᠵᠢᠯ  ᠢᠶᠠᠨ ᠨᠠᠩ ᠯᠠᠪᠳᠠᠭᠤᠨ ᠪᠠᠲᠤᠲᠠᠶ ᠬᠢᠬᠦ ᠬᠡᠷᠡᠭᠲᠡᠶ᠃ ᠢᠷᠡᠭᠡᠳᠦᠢ ᠶᠢ ᠪᠠᠷᠠᠯᠠᠨ᠂ ᠠᠵᠤ ᠠᠬᠤᠶᠢᠯᠠᠯ ᠤᠨ ᠠᠯᠤᠰ ᠬᠡᠳᠤ ᠶᠢᠨ ᠲᠥᠯᠥᠪᠵᠢᠭᠦᠯᠭᠡ ᠪᠣᠯᠤᠨ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠵᠡᠷᠭᠡ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠦᠢᠯᠡᠳᠬᠦᠨ ᠤ ᠭᠤᠣᠯᠯᠠᠬᠤ ᠦᠷᠢᠰᠦᠯᠳᠦᠬᠦ ᠬᠦᠴᠦᠨ᠂ ᠵᠠᠬ᠎ᠠ ᠳᠡᠯᠭᠡᠭᠦᠷ ᠤᠨ ᠦᠷᠳᠡᠭ ᠨᠡᠮᠡᠭᠳᠡᠭᠦᠯᠬᠦ ᠨᠤᠷᠮ᠎ᠠ᠂ ᠠᠮᠵᠢᠯᠲᠠ ᠪᠦᠲᠦᠮᠵᠢ ᠶᠢᠨ ᠲᠣᠭᠲᠠᠪᠤᠷᠢᠲᠤ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠪᠴᠢᠶ᠎ᠡ ᠪᠠᠨ ᠶᠡᠭᠡ ᠦᠷᠭᠡᠳᠭᠡᠵᠦ᠂ ᠡᠯ᠎ᠡ ᠲᠠᠯ᠎ᠠ ᠶᠢᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠭᠤᠷᠪᠠ ᠳᠤ᠂ ᠭᠠᠳᠠᠭᠠᠳᠤ ᠬᠦᠴᠦᠨ ᠢ ᠠᠰᠢᠭᠯᠠᠬᠤ ᠬᠡᠷᠡᠭᠳᠡᠢ᠃ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠯᠤᠭ᠎ᠠ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠪᠠᠶᠢᠭᠤᠯᠤᠮᠵᠢ ᠶᠢᠨ ᠡᠳ᠋ ᠤᠨ ᠶᠠᠪᠤᠳᠠᠯ᠂ ᠬᠠᠤᠯᠢ ᠶᠢᠨ ᠶᠠᠪᠤᠳᠠᠯ᠂ ᠬᠢᠨᠠᠨ ᠪᠤᠳᠤᠬᠤ᠂ ᠭᠠᠶᠢᠯᠢ ᠶᠢᠨ ᠶᠠᠪᠤᠳᠠᠯ ᠵᠡᠷᠭᠡ ᠲᠠᠯ᠎ᠠ ᠪᠠᠷ ᠬᠢ ᠳᠠᠪᠠᠭᠤᠯᠢᠭ ᠢ ᠨᠢ ᠠᠰᠢᠭᠯᠠᠨ᠂ ᠠᠵᠤ ᠠᠬᠤᠶᠢᠯᠠᠯ ᠢ ᠬᠠᠪᠰᠤᠷᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠢᠯ ᠢ ᠨᠢ ᠥᠨᠳᠥᠷ ᠪᠦᠲᠦᠮᠵᠢᠲᠡᠶ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠶ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠲᠠᠪᠴᠠᠩ ᠪᠠᠶᠢᠭᠤᠯᠵᠤ᠂ ᠪᠦᠷᠢᠨ ᠲᠡᠭᠦᠯᠳᠡᠷ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠳᠤ ᠨᠡᠩ ᠰᠠᠶᠢᠨ ᠨᠡᠩ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠬᠢᠴᠠ ᠶᠢ ᠨᠢ ᠲᠦᠷᠭᠡᠳᠬᠡᠬᠦ ᠬᠡᠷᠡᠭᠲᠡᠢ᠃ ᠲᠦᠷᠪᠡ ᠳᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠠᠵᠤ ᠠᠬᠤᠶᠢᠯᠠᠯ ᠤᠨ ᠭᠠᠶᠢᠯᠢ ᠶᠢᠨ ᠶᠠᠪᠤᠳᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠦᠨᠡᠨᠴᠢ ᠢᠲᠡᠭᠡᠮᠵᠢ ᠵᠡᠷᠭᠡ ᠲᠠᠯ᠎ᠠ ᠪᠠᠷ ᠬᠡᠷᠡᠭ ᠤᠨ ᠡᠮᠦᠨ᠎ᠡ᠂ ᠬᠡᠷᠡᠭ ᠤᠨ ᠲᠤᠮᠳᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠰᠠᠨᠠᠭᠤᠯᠤᠨ ᠬᠠᠪᠰᠤᠷᠴᠤ ᠪᠠᠶᠢᠭᠠᠳ ᠠᠰᠠᠭᠤᠳᠠᠯ ᠢ ᠨᠢ ᠡᠷᠲᠡᠬᠡᠨ ᠢᠯᠡᠷᠡᠭᠦᠯᠵᠦ᠂ ᠠᠰᠠᠭᠤᠳᠠᠯ ᠢ  ᠨᠢ ᠡᠷᠲᠡᠬᠡᠨ ᠰᠢᠢᠳᠪᠦᠷᠢᠯᠡᠬᠦ ᠬᠡᠷᠡᠭᠲᠡᠶ᠃ ᠪᠣᠯᠪᠠᠰᠤᠷᠠᠭᠤᠯᠤᠯ ᠤᠨ ᠦᠢᠯᠡᠴᠢᠯᠡᠭᠡ ᠪᠠᠨ ᠰᠠᠶᠢᠲᠤᠷ ᠬᠢᠵᠦ᠂ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠤᠨ᠂ ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠳᠤ ᠬᠤᠯᠪᠤᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠬᠦ ᠬᠡᠷᠡᠭᠲᠡᠶ᠃ ᠲᠠᠪᠤ ᠳᠤ᠂ ᠢᠳᠡᠪᠬᠢᠲᠡᠶ ᠪᠠᠷ ᠨᠥᠭᠡᠴᠡᠯᠡᠬᠦ ᠬᠡᠷᠡᠭᠲᠡᠶ᠃ ᠨᠥᠬᠦᠴᠡᠯ ᠲᠠᠢ᠂ ᠴᠢᠳᠠᠪᠤᠷᠢ ᠲᠠᠢ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠰᠠᠨᠠᠭ᠎ᠠ ᠲᠠᠢ ᠠᠵᠤ ᠠᠬᠤᠶᠢᠯᠠᠯ ᠢ ᠡᠮᠬᠢᠯᠡᠵᠦ᠂ ᠨᠥᠭᠡᠴᠡ ᠪᠠᠨ ᠥᠷᠭᠡᠳᠬᠡᠨ᠂ ᠱᠠᠲᠤᠯᠢᠭ ᠡᠩᠨᠡᠭᠡ ᠶᠢ ᠪᠦᠷᠢᠯᠳᠦᠭᠦᠯᠬᠦ ᠬᠡᠷᠡᠭᠳᠡᠢ᠃ ︽ᠤᠯᠤᠰ ᠤᠨ ᠶᠢᠰᠦᠨ ᠵᠤᠷᠪᠤᠰ︾ ᠤᠨ ᠰᠢᠨ᠎ᠡ ᠪᠠᠷᠢᠮᠵᠢᠶ᠎ᠠ ᠪᠠ ᠭᠤᠤᠯ ᠰᠠᠮᠪᠠᠷ᠎ᠠ᠂ ᠦᠢᠯᠡᠰ ᠴᠣᠭᠴᠠᠯᠠᠬᠤ ᠰᠠᠮᠪᠠᠷ᠎ᠠ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠰᠠᠮᠪᠠᠷ᠎ᠠ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠳᠠᠯᠢ ᠪᠤᠰᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠲᠠᠰ ᠳᠠᠪᠬᠤᠷᠭ᠎ᠠ ᠶᠢᠨ ᠱᠠᠲᠤᠯᠢᠭ ᠡᠩᠨᠡᠭᠡ ᠶᠢ ᠣᠨᠣᠪᠴᠢᠲᠠᠶ ᠪᠠᠷ ᠬᠤᠪᠢᠶᠠᠷᠢᠯᠠᠵᠤ᠂ ᠨᠥᠭᠡᠴᠡᠯᠡᠬᠦ ᠪᠠ ᠬᠠᠪᠰᠤᠷᠤᠨ ᠵᠢᠯᠣᠭᠤᠳᠬᠤ ᠪᠠᠨ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠬᠤ ᠬᠡᠷᠡᠭᠲᠡᠶ᠃ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠴᠥᠬᠦᠷᠡᠰᠢ ᠦᠭᠡᠢ ᠠᠳᠬᠤᠵᠤ᠂ ᠦᠨᠡᠨ ᠪᠣᠳᠠᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号