ᠪᠦᠬᠦ ᠬᠤᠲᠠ ᠶᠢᠨ ᠣᠷᠣᠨ ᠰᠠᠭᠤᠴᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 20 ᠤ ᠡᠳᠦᠷ᠂ ᠪᠦᠬᠦ ᠬᠤᠲᠠ ᠶᠢᠨ ᠣᠷᠣᠨ ᠰᠠᠭᠤᠴᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠤᠷᠠᠯ ᠬᠤᠷᠠᠯᠳᠤᠪᠠ᠃      ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠬᠠᠶ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠤᠪᠴᠢᠶᠠᠨ ᠤ ᠦᠬᠠᠶ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠮᠠᠨ ᠤ ᠬᠤᠲᠠ ᠶᠢᠨ ᠣᠷᠣᠨ ᠰᠠᠭᠤᠴᠠ ᠶᠢ ᠪᠠᠲᠤᠯᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠲᠣᠰ ᠲᠣᠰ ᠬᠠᠷᠢᠭᠤ ᠮᠡᠳᠡᠭᠦᠯᠦᠯᠲᠡ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢ ᠪᠠᠲᠤᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢᠶᠠᠨ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠦᠨᠡᠯᠡᠨ ᠵᠢᠱᠢᠵᠦ ᠵᠠᠳᠠᠯᠬᠤ ᠪᠠᠨ ᠴᠢᠩᠭᠠᠳᠬᠠᠨ᠂ ᠠᠶᠤᠯ ᠲᠦᠭᠰᠢᠭᠦᠷᠢ ᠶᠢᠨ ᠬᠡᠮ ᠰᠣᠭᠤᠭ ᠲᠤ ᠵᠥᠪ ᠢᠶᠠᠷ ᠬᠠᠨᠳᠤᠵᠤ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠬᠡᠷᠡᠭᠲᠡᠶ᠃ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠣᠳᠣᠬᠢ ᠪᠠᠶᠢᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠰᠤᠯᠠ ᠪᠠᠶᠢᠭ᠎ᠠ ᠭᠠᠵᠠᠷ ᠰᠢᠷᠣᠶ ᠶᠢ ᠲᠣᠬᠢᠲᠠᠶ ᠰᠢᠢᠳᠪᠦᠷᠢᠯᠡᠨ᠂ ︽ᠠᠰᠠᠷ ᠢᠶᠠᠨ ᠲᠤᠰᠢᠶᠠᠮᠠᠭᠴᠠ ᠪᠠᠨ ᠳᠠᠷᠤᠶ ᠦᠨᠡᠮᠯᠡᠯ ᠣᠯᠭᠤᠬᠤ︾ ᠶᠢ ᠠᠬᠢᠭᠤᠯᠵᠤ᠂ ᠱᠠᠭᠠᠷᠳᠠᠯᠭ᠎ᠠ ᠳᠤ ᠨᠡᠶᠢᠴᠡᠭᠰᠡᠨ ︽ᠴᠠᠭᠠᠨ ᠨᠡᠷᠡᠰ ᠤᠨ ᠵᠢᠭᠰᠠᠭᠠᠯᠲᠠ︾ ᠶᠢᠨ ᠲᠥᠷᠥᠯ ᠵᠦᠢᠯ ᠤᠨ ︽ᠵᠢᠭᠡᠯᠡᠯᠭᠡ ᠠᠪᠬᠤ ᠨᠦᠬᠦᠴᠡᠯ ᠲᠠᠢ ᠪᠣᠯ ᠴᠥᠮ ᠵᠢᠭᠡᠯᠡᠯᠭᠡ ᠠᠪᠬᠤ︾ ᠶᠢ ᠦᠨᠡᠨ ᠬᠦ ᠪᠠᠲᠤᠯᠠᠵᠤ᠂ ᠣᠷᠣᠨ ᠰᠠᠭᠤᠴᠠ ᠶᠢ ᠪᠠᠲᠤᠯᠠᠬᠤ ᠡᠯ᠎ᠡ ᠵᠦᠢᠯ ᠤᠨ ᠠᠵᠢᠯ ᠢᠶᠠᠨ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡ ᠬᠦᠯᠭᠡ ᠰᠢᠳᠠᠷ᠎ᠠ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠢᠯ ᠤᠨ ᠲᠤᠰᠬᠠᠢ ᠪᠠᠭ ᠪᠠᠶᠢᠭᠤᠯᠵᠤ᠂ ᠠᠵᠢᠯ ᠤᠨ ᠲᠣᠭᠲᠠᠴᠠ ᠪᠠᠶᠢᠭᠤᠯᠵᠤ᠂ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号