ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃      ᠬᠤᠷᠠᠯ ᠠᠴᠠ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠤᠯᠠᠮᠵᠢᠯᠠᠭᠰᠠᠨ ᠤ ᠬᠠᠮᠲᠤ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠵᠥᠪ ᠣᠶᠢᠯᠠᠭᠠᠵᠤ᠂ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠶᠤᠯᠲᠠᠢ ᠬᠠᠶᠠᠭᠳᠠᠮᠠᠯ ᠪᠣᠳᠠᠰ ᠢ ᠬᠠᠮᠢᠶᠠᠷᠬᠤ᠂ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠂ ᠤᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠪᠠᠶᠢᠴᠠᠭᠠᠨ ᠭᠠᠷᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠬᠤ ᠪᠠᠷ ᠳᠠᠮᠵᠢᠭᠤᠯᠤᠨ᠂ ᠲᠤᠰᠬᠠᠶ ᠠᠵᠢᠯᠯᠠᠭ᠎ᠠ ᠶᠢᠨ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢᠶᠠᠨ ᠲᠣᠳᠣᠷᠬᠠᠶᠢᠯᠠᠵᠤ᠂ ᠲᠤᠰᠬᠠᠶ ᠠᠵᠢᠯᠯᠠᠭ᠎ᠠ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠦᠷᠢᠮ ᠪᠠ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠭᠠᠷᠬᠤ ᠶᠢ ᠬᠤᠷᠢᠭᠯᠠᠬᠤ ᠬᠡᠷᠡᠭᠲᠡᠶ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠵᠢᠯᠯᠠᠭ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号