ᠮᠠᠨ ᠤ ᠬᠤᠲᠠ ᠶᠢᠨ 2024 ᠣᠨ ᠤ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 22 ᠤᠨ ᠡᠳᠦᠷ᠂ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠬᠤᠲᠠ ᠶᠢᠨ ᠠᠷᠠᠳ ᠤᠨ ᠴᠡᠴᠡᠷᠯᠢᠭ ᠲᠤ ᠡᠬᠢᠯᠡᠪᠡ᠃ ᠠᠵᠢᠯᠯᠠᠭ᠎ᠠ ᠶᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ 11 ᠡᠮᠴᠢᠯᠡᠭᠡᠨ ᠤ ᠪᠠᠶᠢᠭᠤᠯᠤᠮᠵᠢ ᠵᠢᠴᠢ 6 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠵᠢᠯᠯᠠᠭ᠎ᠠ ᠳᠤ ᠣᠷᠣᠯᠴᠠᠪᠡ᠃      ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠬᠤᠲᠠ ᠶᠢᠨ ᠠᠷᠠᠳ ᠲᠤ ᠰᠢᠨ᠎ᠡ ᠬᠡᠪᠯᠡᠯ ᠤᠨ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠬᠤ ᠶᠢᠨ ᠬᠠᠮᠲᠤ ᠣᠯᠠᠨ ᠲᠦᠮᠡᠨ ᠳᠤ ᠴᠢᠰᠤᠨ ᠳᠠᠷᠤᠯᠲᠠ ᠶᠢ ᠰᠦᠢᠳᠬᠡᠯ ᠬᠤᠷᠢᠶᠠᠬᠤ ᠥᠬᠡᠶ ᠪᠠᠷ ᠬᠡᠮᠵᠢᠬᠦ ᠵᠡᠷᠭᠡ ᠦᠢᠯᠡᠴᠢᠯᠡᠭᠡ ᠬᠠᠩᠭᠠᠪᠠ᠃      ᠣᠶᠢᠯᠠᠭᠠᠭᠰᠠᠨ ᠢᠶᠠᠷ᠂ ᠡᠨᠡ ᠵᠢᠯ ᠤᠨ 6 ᠳ᠋ᠣᠭᠠᠷ ᠰᠠᠷ᠎ᠠ ᠪᠣᠯ ᠮᠠᠨ ᠤ ᠤᠯᠤᠰ ᠤᠨ ᠠᠩᠬᠠᠳᠠᠭᠴᠢ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠮᠥᠨ᠂ ᠭᠤᠤᠯ ᠰᠡᠳᠦᠪ ᠨᠢ ︽ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ ᠡᠷᠡᠭᠦᠯ ᠮᠡᠨᠳᠦ ᠶᠢ ᠠᠬᠢᠭᠤᠯᠤᠶ᠎ᠠ︾ ᠪᠣᠯᠤᠨ᠎ᠠ᠃ ᠡᠨᠡ ᠬᠤᠭᠤᠴᠠᠭᠠᠨ ᠳᠤ᠂ ᠮᠠᠨ ᠤ ᠬᠤᠲᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾ ᠢ ᠪᠥᠬᠦ ᠲᠠᠯ᠎ᠠ ᠪᠠᠷ ᠤᠬᠠᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号