ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠸᠠᠩ ᠶᠦᠨ ᠾᠧᠩ ᠪᠥᠬᠦ ᠬᠤᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢᠶᠠᠨ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾᠂ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠵᠠᠬᠢᠷᠤᠯ᠂ ᠬᠤᠲᠠ ᠶᠢᠨ ᠲᠠᠰ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠪᠡ᠃      ᠲᠠᠩ ᠢ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠨᠠᠢᠮᠠ ᠶᠢ ᠭᠦᠨᠵᠡᠭᠡᠢ ᠣᠶᠢᠯᠠᠭᠠᠵᠤ᠂ ᠨᠠᠢᠮᠠ ᠶᠢ ᠣᠨᠣᠪᠴᠢᠲᠠᠢ ᠡᠵᠡᠮᠳᠡᠬᠦ︾ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠶᠢ ᠱᠠᠯᠠᠪᠳᠠᠭᠤᠯᠵᠤ᠂ ︽ᠬᠤᠶᠠᠷ ᠢ ᠲᠣᠭᠲᠠᠭᠠᠬᠤ︾ ᠶᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠡᠩ ᠤᠯᠠᠨ ᠦᠬᠠᠢ ᠶᠢᠨ ᠬᠦᠴᠦᠨ ᠢᠶᠠᠨ ᠡᠷᠭᠦᠬᠦ ᠬᠡᠷᠡᠭᠲᠡᠢ ᠬᠡᠵᠡᠢ᠃      ᠲᠠᠩ ᠢ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠴᠢᠩᠭ᠎ᠠ ᠰᠠᠬᠢᠬᠤ ᠲᠤᠬᠠᠶ ᠣᠯᠠᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠲᠡᠷᠡ ᠬᠡᠯᠡᠭᠰᠡᠨ ᠨᠢ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠰᠡᠷᠭᠡᠭ ︽ᠮᠡᠷᠭᠡᠨ ᠬᠥᠮᠦᠨ︾ ᠪᠤᠯᠵᠤ᠂ ᠲᠤᠭ ᠲᠡᠮᠳᠡᠭ ᠲᠣᠳᠣᠷᠬᠠᠢ ᠪᠠᠷ ᠰᠠᠬᠢᠯᠭ᠎ᠠ ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠬᠦ ︽ᠰᠢᠳᠤᠷᠭᠤ ᠬᠦᠮᠦᠨ︾ ᠪᠤᠯᠵᠤ᠂ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠬᠦᠯᠢᠶᠡᠵᠦ᠂ ᠢᠮᠠᠭᠲᠠ ᠵᠣᠬᠢᠶᠠᠨ ᠪᠠᠶᠢᠭᠤᠯᠤᠯᠲᠠ ᠶᠢ ᠢᠲᠡᠭᠡᠵᠦ᠂ ᠵᠣᠬᠢᠶᠠᠨ ᠪᠠᠶᠢᠭᠤᠯᠤᠯᠲᠠ ᠳᠤ ᠲᠦᠰᠢᠭᠯᠡᠵᠦ᠂ ᠵᠣᠬᠢᠶᠠᠨ ᠪᠠᠶᠢᠭᠤᠯᠤᠯᠲᠠ ᠶᠢ ᠳᠠᠭᠠᠬᠤ ᠬᠡᠷᠡᠭᠲᠡᠢ᠃ ᠠᠷᠢᠭᠤᠨ ᠴᠢᠬᠡᠴᠢ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ︽ᠠᠷᠢᠭᠤᠨ ᠴᠢᠬᠡᠴᠢ ᠬᠥᠮᠦᠨ︾ ᠪᠤᠯᠵᠤ᠂ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ᠂ ᠵᠠᠰᠠᠭ ᠬᠤᠳᠠᠯᠳᠤᠭᠠᠨ ᠤ ᠬᠠᠷᠢᠴᠠᠭ᠎ᠠ᠂ ᠤᠯᠤᠰ ᠲᠦᠷᠦ ᠬᠤᠪᠢ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠠᠨ ᠲᠦᠮᠡᠨ ᠢ ᠬᠠᠶᠢᠷᠠᠯᠠᠬᠤ ︽ᠳᠣᠲᠣᠨᠣ ᠬᠥᠮᠦᠨ︾ ᠪᠤᠯᠵᠤ᠂ ᠢᠳᠡᠬᠦ ᠠᠪᠬᠤ ᠭᠠᠴᠢᠬᠤ ᠬᠢᠬᠠᠬᠤ᠂ ᠣᠶᠢᠷ᠎ᠠ ᠲᠦᠷᠦᠯ ᠢᠶᠠᠨ ᠬᠠᠷᠠᠭᠠᠯᠵᠠᠵᠤ ᠨᠠᠶᠢᠵᠠ ᠨᠦᠬᠦᠷ ᠢᠶᠠᠨ ᠲᠤᠳᠤᠨᠤᠴᠢᠯᠠᠬᠤ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠬᠠᠷᠢᠭᠤᠴᠠᠯᠭ᠎ᠠ ᠡᠭᠦᠷᠭᠡᠯᠡᠭᠴᠢ︾ ᠪᠤᠯᠵᠤ᠂ ︽ᠭᠤᠷᠪᠠᠨ ᠵᠦᠢᠯ ᠤᠨ ᠠᠵᠢᠯ︾ ᠢ ᠪᠣᠳᠠᠲᠠᠢ ᠠᠳᠬᠤᠨ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠭᠤᠯᠵᠤ᠂ ᠦᠨᠡᠨ ᠪᠣᠳᠠᠲᠠᠢ ᠶᠠᠪᠤᠳᠠᠯ ᠬᠢᠯᠭᠡᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠬᠢᠮ ᠳᠡᠭᠡᠳᠦ ︽ᠡᠷᠡᠭᠦᠯ ᠮᠡᠨᠳᠦ ᠬᠦᠮᠦᠨ︾ ᠪᠤᠯᠵᠤ᠂ ᠶᠡᠭᠡ ᠮᠣᠷᠠᠯ ᠢ ᠮᠡᠳᠡᠵᠦ᠂ ᠨᠡᠶᠢᠲᠡ ᠶᠢᠨ ᠮᠣᠷᠠᠯ ᠢ ᠰᠠᠬᠢᠵᠤ᠂ ᠬᠤᠪᠢ ᠶᠢᠨ ᠮᠣᠷᠠᠯ ᠢᠶᠠᠨ ᠴᠢᠩᠳᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃      ᠲᠠᠩ ᠢ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠲᠤ ︽ᠲᠠᠪᠤᠨ ᠰᠡᠳᠬᠢᠯ ᠢ ᠪᠠᠲᠤᠯᠠᠬᠤ︾ ᠱᠠᠭᠠᠷᠳᠠᠯᠭ᠎ᠠ ᠳᠤᠷᠠᠳᠪᠠ᠃ ᠨᠢᠭᠡ ᠳᠤ᠂ ᠪᠢᠰᠢᠷᠡᠨ ᠵᠢᠷᠦᠬᠡᠰᠢᠶᠡᠬᠦ ᠰᠡᠳᠭᠢᠯ ᠲᠠᠢ ᠪᠠᠶᠢᠬᠤ ᠬᠡᠷᠡᠭᠳᠡᠢ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠲᠣᠭᠤᠷᠢᠨ ᠳᠤ ᠠᠵᠢᠯᠯᠠᠵᠤ ᠠᠮᠢᠳᠤᠷᠠᠬᠤ ᠳᠤ ᠳᠠᠳᠬᠤ ᠬᠡᠷᠡᠭᠲᠡᠢ᠃ ᠬᠤᠶᠠᠷ ᠲᠤ᠂ ᠤᠷᠤᠭᠰᠢᠯᠠᠨ ᠳᠠᠪᠰᠢᠬᠤ ᠰᠡᠳᠬᠢᠯ ᠢ ᠪᠠᠲᠤᠯᠠᠬᠤ ᠬᠡᠷᠡᠭᠳᠡᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠶ ᠪᠠᠷ ᠠᠵᠢᠯ ᠬᠢᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠭ ᠲᠡᠮᠳᠡᠭ ᠲᠣᠳᠣᠷᠬᠠᠶ ᠪᠠᠷ ᠪᠣᠳᠠᠲᠠᠶ ᠠᠵᠢᠯᠯᠠᠭᠰᠠᠳ ᠲᠤ ᠲᠦᠰᠢᠭ ᠪᠣᠯᠵᠤ ᠡᠷᠴᠢ ᠵᠣᠷᠢᠭ ᠢ ᠨᠢ ᠬᠥᠪᠴᠢᠯᠡᠵᠦ᠂ ᠣᠯᠠᠨ ᠢ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠬᠢᠯᠭᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠭᠤᠷᠪᠠ ᠳᠤ᠂ ᠨᠡᠷ᠎ᠡ ᠠᠰᠢᠭ ᠢ ᠦᠯᠦ ᠬᠦᠭᠡᠭᠡᠴᠡᠯᠳᠦᠬᠦ ᠰᠡᠳᠭᠢᠯ ᠢ ᠪᠠᠷᠢᠮᠳᠠᠯᠠᠬᠤ ᠬᠡᠷᠡᠭᠳᠡᠢ᠂ ᠪᠡᠶ᠎ᠡ ᠠᠴᠠ ᠭᠠᠳᠠᠨᠠᠬᠢ ᠪᠣᠳᠠᠰ ᠢ ︽ᠦᠵᠡᠵᠦ ᠭᠠᠷᠬᠤ᠂ ᠪᠤᠲᠤᠵᠤ ᠲᠤᠲᠤᠷᠠᠭᠤᠯᠬᠤ᠂ ᠰᠡᠳᠭᠢᠯ ᠳᠡᠭᠡᠨ ᠦᠯᠦ ᠲᠠᠯᠪᠢᠬᠤ︾ ᠶᠢ ᠪᠠᠷᠢᠮᠳᠠᠯᠠᠵᠤ᠂ ︽ᠠᠳᠠᠯᠢᠳᠬᠠᠬᠤ︾ ᠰᠡᠳᠬᠢᠯᠭᠡ ᠶᠢ ᠲᠠᠶᠠᠭᠳᠠᠵᠤ᠂ ᠠᠷᠢᠭᠤᠨ ᠴᠡᠪᠡᠷ ᠬᠥᠮᠦᠨ ᠪᠣᠯᠵᠤ᠂ ᠳᠥᠭᠦᠮ ᠳᠥᠲᠡ ᠠᠮᠢᠳᠤᠷᠠᠬᠤ ᠬᠡᠷᠡᠭᠲᠡᠢ᠃ ᠲᠦᠷᠪᠡ ᠳᠤ᠂ ᠡᠭᠡᠯ ᠵᠢᠷ ᠤᠨ ᠰᠡᠳᠬᠢᠯ ᠢ ᠪᠠᠲᠤᠯᠠᠬᠤ ᠬᠡᠷᠡᠭᠳᠡᠢ᠂ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠵᠤ᠂ ᠯᠠᠪᠳᠠᠭᠤᠨ ᠪᠠᠲᠤᠲᠠᠢ ᠪᠠᠷ ᠨᠣᠶᠠᠨ ᠰᠠᠭᠤᠵᠤ᠂ ᠯᠠᠪᠳᠠᠭᠤᠨ ᠪᠠᠲᠤᠲᠠᠢ ᠪᠠᠷ ᠠᠵᠢᠯ ᠬᠢᠬᠦ ᠬᠡᠷᠡᠭᠲᠡᠢ᠃ ᠲᠠᠪᠤ ᠳᠤ᠂ ᠬᠠᠨᠤᠬᠤ ᠰᠡᠳᠬᠢᠯ ᠲᠠᠢ ᠪᠠᠶᠢᠬᠤ ᠶᠢ ᠪᠠᠲᠤᠯᠠᠬᠤ ᠬᠡᠷᠡᠭᠳᠡᠢ᠂ ᠤᠯᠤᠰ ᠲᠦᠷᠦ ᠶᠢᠨ ᠲᠠᠩᠰᠠ᠂ ᠠᠵᠤ ᠠᠬᠤᠢ ᠶᠢᠨ ᠲᠠᠩᠰᠠ᠂ ᠲᠦᠷᠦᠯ ᠰᠠᠳᠤᠨ ᠤ ᠲᠠᠩᠰᠠ ᠶᠢ ᠰᠠᠶᠢᠲᠤᠷ ᠪᠤᠳᠤᠵᠤ᠂ ᠴᠠᠭ ᠢᠮᠠᠭᠲᠠ ᠴᠢᠩᠭ᠎ᠠ ᠣᠶᠢᠯᠠᠭᠠᠵᠤ᠂ ᠠᠵᠢᠯᠴᠢ ᠠᠷᠪᠢᠴᠢ ᠪᠠᠷ ᠠᠮᠢᠳᠤᠷᠠᠬᠤ ᠶᠢ ᠪᠡᠶᠡᠯᠡᠭᠦᠯᠬᠦ ᠬᠡᠷᠡᠭᠲᠡᠢ᠃      ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠶ᠎ᠠ︾ ᠭᠡᠬᠦ ᠹᠢᠯᠢᠮ ᠢ ᠲᠥᠪᠯᠡᠷᠡᠭᠦᠯᠦᠨ ᠦᠵᠡᠪᠡ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠬᠤᠳᠠ ᠶᠢᠨ ᠵᠠᠰᠠᠭ ᠵᠠᠬᠢᠷᠭᠠᠨ ᠤ ᠲᠥᠪ ᠪᠠ ᠭᠤᠷᠪᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号