ᠬᠤᠳᠠ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ ᠬᠤᠲᠠ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠦᠬᠠᠶ ᠬᠤᠲᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃      ᠦᠬᠠᠢ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ 2021 ᠣᠨ ᠤ 6 ᠰᠠᠷ᠎ᠠ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠣᠭᠰᠠᠨ ᠨᠢ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠬᠤ᠂ ᠰᠡᠷᠡᠮᠵᠢᠯᠡᠭᠦᠯᠬᠦ ᠬᠥᠮᠦᠵᠢᠯ ᠬᠦᠷᠳᠡᠬᠦ ᠴᠢᠬᠤᠯᠠ ᠲᠠᠪᠴᠠᠩ ᠪᠠ ᠵᠢᠭᠰᠠᠭᠠᠯ ᠤᠨ ᠭᠠᠵᠠᠷ ᠪᠤᠯᠤᠭᠰᠠᠨ ᠪᠠᠶᠢᠨ᠎ᠠ᠃ ᠦᠵᠡᠭᠦᠯᠦᠯᠭᠡ ᠶᠢᠨ ᠲᠢᠩᠬᠢᠮ ᠨᠢ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠥᠬᠡᠶ︾ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠪᠠᠶᠢᠳᠠᠯ ᠢ ᠪᠣᠶ ᠪᠤᠯᠭᠠᠶ᠎ᠠ︾ ︽ᠢᠯᠵᠠᠷᠠᠯ ᠢ ᠡᠰᠡᠷᠭᠦᠴᠡᠬᠦ ᠪᠣᠯ ᠬᠠᠮᠤᠭ ᠤᠨ ᠲᠦᠢᠯᠪᠤᠷᠢᠲᠠᠶ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠮᠥᠨ︾ ︽ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠷ ᠤᠷᠤᠭᠰᠢᠯᠠᠶ᠎ᠡ︾ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠰᠢᠬᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠥᠷᠨᠢᠭᠦᠯᠦᠭᠰᠡᠨ ᠠᠭᠤᠤ ᠶᠡᠭᠡ ᠥᠩᠭᠡᠷᠡᠯᠲᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠳᠥᠯᠭᠢᠨ ᠠᠬᠢᠭᠤᠯᠵᠤ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠵᠢᠴᠢ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠶ᠃ ᠲᠠᠩ ᠢ ᠵᠡᠷᠭᠡ ᠬᠤᠳᠠ ᠶᠢᠨ ᠲᠡᠰ ᠤᠨ ᠤᠳᠤᠷᠢᠳᠬᠤ ᠨᠥᠬᠦᠳ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠲᠠᠶᠢᠯᠤᠮᠵᠢ ᠶᠢ ᠨᠢ ᠨᠠᠷᠢᠨ ᠬᠢᠨᠠᠮᠠᠭᠠᠢ ᠰᠣᠨᠣᠰᠴᠤ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠨᠠᠷᠢᠨ ᠬᠢᠨᠠᠮᠠᠭᠠᠢ ᠦᠵᠡᠵᠦ᠂ ᠪᠠᠶᠢᠨ ᠪᠠᠶᠢᠨ ᠵᠣᠭᠰᠣᠵᠤ᠂ ᠣᠯᠤᠯᠲᠠ ᠲᠦᠷᠦᠭᠳᠡᠯ ᠢᠶᠠᠨ ᠰᠣᠯᠢᠯᠴᠠᠪᠠ᠃     ᠰᠡᠷᠡᠮᠵᠢ ᠲᠠᠢ ᠦᠭᠡ ᠶᠠᠷᠢᠶ᠎ᠠ᠂ ᠠᠮᠢᠳᠤ ᠰᠣᠷᠭᠤᠭ ᠬᠡᠷᠡᠭ ᠤᠨ ᠵᠢᠱᠢᠶ᠎ᠡ ᠨᠢ ᠠᠵᠢᠯᠯᠠᠭ᠎ᠠ ᠳᠤ ᠣᠷᠣᠯᠴᠠᠭᠰᠠᠨ ᠤᠳᠤᠷᠢᠳᠬᠤ ᠨᠥᠬᠦᠳ ᠲᠤ ᠭᠦᠨ ᠬᠥᠮᠦᠵᠢᠯ ᠬᠦᠷᠲᠡᠭᠡᠪᠡ᠃ ᠤᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠭᠡᠳᠡᠭ ᠢ ᠰᠡᠷᠭᠡᠭ ᠢᠶᠠᠷ ᠲᠠᠨᠢᠬᠤ ᠮᠦᠷᠳᠡᠭᠡᠨ ᠡᠷᠡᠰ ᠪᠠᠲᠤ ᠪᠠᠶᠢᠬᠤ ᠶᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠤᠲᠤᠷᠬᠠᠶᠢᠯᠠᠬᠤ ᠰᠠᠬᠢᠯᠭ᠎ᠠ ᠪᠠᠲᠤ ᠶᠢ ᠰᠠᠬᠢᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠨ᠎ᠠ ᠭᠡᠵᠡᠢ᠃      ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠬᠤᠳᠠ ᠶᠢᠨ ᠱᠠᠲᠤᠨ ᠤ ᠤᠳᠤᠷᠢᠳᠬᠤ ᠨᠥᠬᠦᠳ ᠬᠠᠮᠲᠤ ᠪᠠᠷ ᠲᠠᠩᠭᠠᠷᠢᠭᠯᠠᠬᠤ ᠲᠣᠭᠤᠷᠢᠭ ᠲᠤ ᠬᠦᠷᠴᠦ᠂ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ᠂ ᠪᠠᠷᠠᠭᠤᠨ ᠨᠢᠳᠤᠷᠭ᠎ᠠ ᠪᠠᠨ ᠡᠷᠭᠦᠵᠦ᠂ ᠲᠥᠪ ᠴᠢᠩᠭ᠎ᠠ᠂ ᠢᠳᠡ ᠬᠦᠴᠦᠲᠡᠢ ᠪᠠᠷ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号