ᠹᠧᠩ ᠰᠢᠤᠸᠠᠢ ᠲᠤᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/26
     6 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠰᠢᠤᠸᠠᠢ ᠲᠤᠤ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︿ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ﹀ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠪᠠᠬᠢᠵᠢᠭᠦᠯᠦᠶ᠎ᠡ︾ ᠭᠡᠬᠦ ᠰᠡᠳᠦᠪ ᠢᠶᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃      ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠶ ᠱᠦᠵᠢ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠠᠢ ᠨᠢᠭᠲᠠ ᠤᠶᠠᠯᠳᠤᠭᠤᠯᠤᠨ᠂ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠥᠭᠦᠯᠡᠯᠲᠡ ᠬᠢᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠠᠷᠭ᠎ᠠ ᠵᠠᠮ᠂ ᠬᠠᠷᠠᠯᠲᠠ ᠡᠭᠦᠷᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠠᠶᠠᠨ ᠵᠠᠮ ᠳᠤ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠬᠤ᠂ ᠴᠢᠩᠭ᠎ᠠ ᠬᠥᠭ ᠠᠶᠠᠰ ᠢ ᠳᠣᠪᠤᠶᠢᠯᠭᠠᠬᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ ᠭᠡᠵᠡᠢ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠴᠢᠩᠭ᠎ᠠ ᠬᠠᠲᠠᠭᠤ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠭᠤᠯᠭ᠎ᠠ ᠶᠢ ᠣᠨᠣᠪᠴᠢᠲᠠᠶ ᠡᠵᠡᠮᠳᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠭᠤᠣᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠲᠤᠬᠠᠶᠢᠯᠠᠭᠰᠠᠨ ᠠᠵᠢᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠲᠤ ᠶᠢ ᠮᠡᠳᠡᠬᠦ ᠰᠠᠭᠢᠯᠭ᠎ᠠ ᠪᠠᠲᠤ ᠶᠢ ᠲᠤᠲᠤᠷᠬᠠᠶᠢᠯᠠᠬᠤ ᠰᠠᠬᠢᠯᠭ᠎ᠠ ᠪᠠᠲᠤ ᠶᠢ ᠰᠠᠬᠢᠬᠤ ᠳᠡᠭᠡᠷ᠎ᠡ ᠦᠨᠡᠨ ᠬᠦ ᠬᠦᠴᠦ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠠᠬᠢᠭᠤᠯᠬᠤ ᠪᠠ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠤᠨ ᠠᠷᠠᠳ ᠲᠦᠮᠡᠨ ᠳᠤ ᠰᠡᠳᠬᠢᠯ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号