6 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ | ︽ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠠᠶᠡᠯᠡᠬᠦᠯᠵᠦ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ | ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠬᠤᠲᠠ ᠶᠢᠨ | ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ | ᠪᠠᠲᠤ ᠶᠢᠨ ᠨᠠᠮ ᠤᠨ ᠬᠢᠴᠢᠶᠡᠯ ᠣᠷᠣᠪᠠ᠃ | ᠼᠦᠢ ᠵᠢᠩ ᠶᠢᠩ ᠵᠢᠭᠠᠵᠤ ᠭᠠᠷᠭᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠪᠣᠯ ᠮᠠᠨ ᠤ ᠨᠠᠮ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ | ᠪᠠᠶᠢᠭᠤᠯᠤᠭᠳᠠᠭᠰᠠᠨ ᠠᠴᠠ ᠨᠠᠰᠢᠬᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠲᠡᠦᠬᠡᠨ | ᠲᠤᠷᠰᠢᠯᠭ᠎ᠠ ᠶᠢ ᠭᠦᠨᠵᠡᠭᠡᠢ ᠣᠶᠢᠯᠠᠭᠠᠵᠤ᠂ ︽ᠨᠠᠢᠮᠠ ᠶᠢ ᠭᠦᠨᠵᠡᠭᠡᠢ ᠣᠶᠢᠯᠠᠭᠠᠵᠤ᠂ ᠨᠠᠢᠮᠠ ᠶᠢ ᠣᠨᠣᠪᠴᠢᠲᠠᠢ ᠡᠵᠡᠮᠳᠡᠬᠦ︾ | ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠠᠶᠢᠲᠤᠷ ᠰᠤᠷᠤᠯᠴᠠᠵᠤ᠂ ᠰᠠᠶᠢᠲᠤᠷ | ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠳᠠᠯᠠᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠬᠤ ᠬᠡᠷᠡᠭᠲᠡᠢ ᠭᠡᠵᠡᠢ᠃ | ᠼᠦᠢ ᠵᠢᠩ ᠶᠢᠩ ᠴᠢᠬᠤᠯᠠᠴᠢᠯᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠳᠬᠡᠯ ᠥᠭᠬᠦ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠨᠡ ᠬᠦ ᠵᠠᠩᠭᠢᠯᠠᠭ᠎ᠠ ᠯᠤᠭ᠎ᠠ | ᠨᠢᠭᠲᠠ ᠤᠶᠠᠯᠳᠤᠭᠤᠯᠤᠨ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠭᠡᠬᠦ ᠡᠨᠡ ᠬᠦ ᠭᠤᠣᠯᠳᠠᠯᠭ᠎ᠠ ᠶᠢ ᠴᠢᠩᠭ᠎ᠠ | ᠰᠠᠬᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠠᠷᠢᠮᠵᠢᠶ᠎ᠠ ᠱᠠᠭᠠᠷᠳᠠᠯᠭ᠎ᠠ ᠯᠤᠭ᠎ᠠ ᠬᠠᠷᠭᠤᠭᠤᠯᠵᠤ᠂ ᠨᠡᠩ | ᠤᠬᠠᠮᠰᠠᠷᠲᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ | ᠪᠠᠲᠤ ᠶᠢ ᠴᠢᠩᠭ᠎ᠠ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠶᠢ ᠪᠡᠶᠡᠯᠡᠭᠦᠯᠬᠦ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠡᠷᠡ ᠶᠣᠰᠣᠭᠠᠷ ᠨᠢ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ | ᠴᠢᠩᠭ᠎ᠠ ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠲᠡᠰ ᠳᠠᠷᠠᠭᠠᠯᠠᠯ ᠢ | ᠴᠢᠩᠭ᠎ᠠ ᠵᠢᠷᠤᠮᠯᠠᠨ ᠠᠵᠢᠯᠯᠠᠵᠤ᠂ ᠤᠬᠠᠮᠰᠠᠷ ᠠᠴᠠ ᠪᠠᠨ ᠵᠣᠬᠢᠶᠠᠨ ᠪᠠᠶᠢᠭᠤᠯᠤᠯᠲᠠ ᠶᠢᠨ ᠤᠬᠠᠮᠰᠠᠷ ᠢᠶᠠᠨ | ᠴᠢᠩᠭᠠᠳᠬᠠᠵᠤ᠂ ᠨᠠᠮ ᠤᠨ ᠵᠢᠯᠤᠭᠤᠳᠤᠯᠭ᠎ᠠ ᠶᠢ ᠳᠠᠭᠠᠵᠤ᠂ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ | ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ | ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭ᠎ᠠ | ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠢ᠃ | ᠣᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠣᠯᠠᠨ ᠲᠦᠮᠡᠨ ᠳᠤ ᠪᠤᠶᠠᠨ ᠬᠡᠰᠢᠭ ᠣᠯᠭᠤᠬᠤ ᠶᠢ | ᠠᠰᠠᠭᠤᠳᠠᠯ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ | ᠵᠣᠷᠢᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ 33 ᠬᠤᠪᠢ ᠪᠠ ᠮᠠᠨ ᠤ ᠬᠤᠲᠠ ᠶᠢᠨ ᠠᠷᠠᠳ ᠤᠨ | ᠠᠮᠢᠳᠤᠷᠠᠯ ᠤᠨ ᠠᠷᠪᠠᠨ ᠲᠠᠯ᠎ᠠ ᠶᠢᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ | ᠨᠡᠶᠢᠳᠬᠡᠬᠦ︾ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠳᠤ ᠰᠢᠭᠤᠳ | ᠬᠠᠨᠳᠤᠵᠤ᠂ ᠪᠣᠭᠤᠮᠲᠠ ᠰᠢᠪᠲᠤᠯᠬᠤ ᠳᠤ ᠠᠩᠬᠠᠷᠣᠯ ᠢᠶᠠᠨ ᠲᠦᠪᠯᠡᠷᠡᠭᠦᠯᠵᠦ᠂ ᠬᠥᠭᠵᠢᠯᠲᠡ ᠶᠢ ᠠᠬᠢᠭᠤᠯᠬᠤ ᠳᠤᠮᠳᠠ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠲᠡᠢ᠃ ᠠᠮᠢᠳᠤᠷᠠᠯ ᠤᠨ ᠰᠠᠬᠢᠯᠭ᠎ᠠ | ᠪᠠᠲᠤ ᠶᠢ ᠴᠢᠩᠭ᠎ᠠ ᠰᠠᠬᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠲᠦᠷᠦᠭᠦᠯᠡᠨ | ᠪᠠᠳᠠᠷᠠᠭᠤᠯᠵᠤ᠂ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠵᠤ᠂ ᠡᠷᠡᠭᠦᠯ ᠰᠠᠷᠠᠭᠤᠯ ᠳᠤᠷ᠎ᠠ ᠰᠣᠨᠢᠷᠬᠠᠯ ᠢ | ᠬᠥᠮᠦᠵᠢᠭᠦᠯᠵᠦ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠴᠠᠭ ᠢᠮᠠᠭᠲᠠ ᠡᠪ | ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠢᠯᠡᠷᠡᠭᠦᠯᠬᠦ ᠬᠡᠷᠡᠭᠲᠡᠢ ᠭᠡᠵᠡᠢ᠃ | ᠼᠦᠢ ᠵᠢᠩ ᠶᠢᠩ ᠴᠢᠬᠤᠯᠠᠴᠢᠯᠠᠭᠰᠠᠨ ᠨᠢ᠂ ᠬᠠᠲᠠᠭᠤ ᠴᠢᠩᠭ᠎ᠠ ᠰᠤᠷᠲᠠᠯ ᠪᠣᠯ ᠨᠠᠮᠴᠢ ᠴᠢᠨᠠᠷ ᠢᠶᠠᠷ ᠪᠠᠲᠤ | ᠴᠢᠩᠭ᠎ᠠ᠂ ᠨᠠᠮ ᠤᠨ ᠰᠠᠬᠢᠯᠭ᠎ᠠ ᠪᠠᠲᠤ ᠪᠠᠷ ᠪᠠᠲᠤ ᠴᠢᠩᠭ᠎ᠠ ᠪᠠᠶᠢᠬᠤ ᠶᠢᠨ ᠠᠮᠢᠳᠤᠯᠢᠭ ᠢᠯᠡᠷᠡᠯ ᠮᠥᠨ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠲᠦᠷᠢᠮ︾ ᠤᠨ | ᠡᠯ᠎ᠡ ᠵᠦᠢᠯ ᠤᠨ ᠲᠣᠭᠲᠠᠭᠠᠯ ᠲᠠᠢ ᠬᠠᠷᠢᠴᠠᠭᠤᠯᠵᠤ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ | ᠵᠣᠷᠢᠭ ᠰᠠᠨᠠᠭ᠎ᠠ ᠪᠠᠷ ᠦᠵᠡᠯ ᠰᠠᠨᠠᠭᠠᠨ ᠤ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ᠂ ᠦᠢᠯᠡ ᠠᠵᠢᠯᠯᠠᠭ᠎ᠠ ᠶᠢᠨ | ᠲᠠᠯ᠎ᠠ ᠪᠠᠷ ᠬᠢ ᠵᠥᠷᠢᠶ᠎ᠡ ᠪᠠᠨ ᠭᠦᠨᠵᠡᠭᠡᠢ ᠡᠷᠢᠵᠦ᠂ ︽ᠪᠤᠰᠢᠭᠤ ᠱᠠᠯᠠᠮᠠᠭᠠᠢ ᠪᠠᠶᠢᠬᠤ︾ ᠦᠷ᠎ᠡ ᠪᠦᠲᠦᠮᠵᠢ ᠶᠢᠨ | ᠤᠬᠠᠮᠰᠠᠷ ᠢ ᠪᠤᠢ ᠪᠣᠯᠭᠠᠵᠤ᠂ ︽ᠨᠢᠭᠲᠠ ᠠᠴᠠ ᠨᠢᠭᠲᠠ ᠪᠠᠶᠢᠬᠤ︾ ᠨᠠᠷᠢᠯᠢᠭ ᠰᠡᠳᠬᠢᠬᠦᠢ ᠪᠠᠨ ᠴᠢᠩᠭᠠᠳᠬᠠᠵᠤ᠂ | ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ︾ ᠪᠣᠳᠠᠲᠠᠢ ᠠᠵᠢᠯᠯᠠᠬᠤ ᠴᠢᠳᠠᠪᠤᠷᠢ ᠪᠠᠨ ᠪᠣᠯᠪᠠᠰᠤᠷᠠᠭᠤᠯᠵᠤ᠂ | ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ | ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠠᠪᠤᠴᠠ ᠪᠣᠯᠭᠠᠵᠤ᠂ ᠮᠡᠳᠡᠬᠦᠢ ᠬᠢᠬᠦᠢ ᠪᠠᠨ ᠨᠢᠭᠡᠳᠬᠡᠬᠦ ᠳᠤᠮᠳᠠ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠡᠢ᠃ |