ᠴᠧᠩ ᠳ᠋ᠢᠶᠠᠨ ᠯᠦᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠤᠰᠤᠨ ᠠᠰᠢᠭᠯᠠᠯᠲᠠ ᠶᠢᠨ ᠠᠵᠢᠯ  ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 25 ᠤ ᠡᠳᠦᠷ᠂ ᠤᠰᠤᠨ ᠠᠰᠢᠬᠯᠠᠯᠲᠠ ᠶᠢᠨ ᠶᠠᠮᠤᠨ ᠤ ᠠᠵᠤ ᠠᠬᠤᠶᠢᠴᠢ ᠴᠧᠩ ᠳ᠋ᠢᠶᠠᠨ ᠯᠦᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠤᠰᠤᠨ ᠠᠰᠢᠬᠯᠠᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠭᠤᠤ ᠮᠢᠩ ᠲᠠᠩ᠂ ᠬᠤᠲᠠ ᠶᠢᠨ ᠳᠡᠳ᠋ ᠳᠠᠷᠤᠭ᠎ᠠ ᠭᠤᠤ ᠪᠥᠸᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠴᠧᠩ ᠳ᠋ᠢᠶᠠᠨ ᠯᠦᠩ ᠨᠠᠷ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠵᠡᠷᠭᠡ ᠬᠤᠯᠪᠤᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠡ᠃      ᠴᠧᠩ ᠳ᠋ᠢᠶᠠᠨ ᠯᠦᠩ ᠬᠡᠯᠡᠭᠰᠡᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠶᠡᠭᠡ ᠬᠠᠰᠢᠯᠭ᠎ᠠ ᠶᠢᠨ ᠠᠮᠤᠷ ᠲᠦᠪᠰᠢᠨ ᠢ ᠬᠢᠨᠠᠨ ᠬᠡᠮᠵᠢᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠵᠢᠯ ᠢ ᠶᠡᠭᠡ ᠪᠠᠷ ᠳᠥᠯᠭᠢᠨ ᠠᠬᠢᠭᠤᠯᠬᠤ ᠬᠡᠷᠡᠭᠲᠡᠶ︔ ᠴᠥᠭᠦᠷᠥᠮ ᠤᠨ ᠪᠠᠭᠲᠠᠭᠠᠮᠵᠢ ᠶᠢᠨ ᠬᠤᠪᠢᠷᠠᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠤᠰᠤᠨ ᠴᠥᠭᠦᠷᠥᠮ ᠤᠨ ᠬᠤᠷᠠᠳᠠᠰᠣ ᠶᠢ ᠠᠷᠢᠯᠭᠠᠬᠤ ᠲᠤᠷᠰᠢᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠳᠥᠯᠭᠢᠨ ᠠᠬᠢᠭᠤᠯᠬᠤ ᠬᠡᠷᠡᠭᠲᠡᠶ︔ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号