ᠬᠤᠳᠠ ᠶᠢᠨ ᠵᠠᠰᠠᠭ ᠤᠨ ᠣᠷᠳᠣᠨ ᠤ 2024 ᠣᠨ ᠤ 14 ᠳ᠋ᠦ᠋ᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠯᠠᠭᠤᠨ ᠲᠤᠯᠠᠭᠠᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠵᠢᠴᠢ 1— 5 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠲᠠᠪᠤᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠠᠮᠤ ᠪᠤᠳᠠᠭ᠎ᠠ︾ ︽ᠢᠳᠡᠭᠡᠨ ᠨᠤᠭᠤᠭ᠎ᠠ︾ ᠶᠢᠨ ᠬᠠᠩᠭᠠᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠳᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠵᠤ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠪᠠᠨ ᠴᠢᠩᠭᠠᠳᠬᠠᠵᠤ᠂ ᠬᠤᠳᠠ ᠶᠢᠨ ᠤᠰᠤᠲᠤᠯ ᠢ ᠡᠬᠢ ᠡᠭᠦᠰᠦᠯ ᠠᠴᠠ ᠨᠢ ᠵᠠᠰᠠᠵᠤ᠂ ᠬᠤᠳᠠ ᠶᠢᠨ ᠲᠣᠭᠤᠷᠢᠭ᠂ ᠠᠭᠤᠷᠬᠠᠢ ᠶᠢᠨ ᠣᠷᠣᠨ᠂ ᠤᠰᠤᠨ ᠠᠰᠢᠭᠯᠠᠯᠲᠠ ᠶᠢᠨ ᠬᠦᠢᠰᠦ᠂ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠠᠷᠴᠤ ᠮᠡᠳᠡᠬᠦ ᠱᠠᠳᠤᠴᠢ ᠴᠢᠨᠠᠷᠲᠠᠢ ᠭᠠᠩ ᠤᠨ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠢ ᠲᠦᠷᠭᠡᠳᠬᠡᠨ ᠠᠬᠢᠭᠤᠯᠵᠤ᠂ BDO ᠦᠢᠯᠡᠳᠬᠦᠨ ᠤ ᠠᠷᠠᠯᠵᠢᠶᠠᠨ ᠤ ᠲᠠᠪᠴᠠᠩ᠂ ᠪᠠᠷᠢᠮᠵᠢᠶᠠᠲᠤ ᠰᠤᠳᠤᠯᠭᠠᠨ ᠤ ᠲᠥᠪ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠵᠢᠴᠢ ᠲᠤᠷᠰᠢᠯᠲᠠ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠤ ᠲᠤᠯᠭᠠᠭᠤᠷᠢᠯᠠᠯ ᠪᠠ ᠪᠡᠯᠡ ᠮᠥᠩᠭᠦ ᠶᠢᠨ ᠪᠠᠲᠤᠯᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠦᠨᠡᠨ ᠬᠦ ᠬᠦᠳᠦᠯᠦᠨ ᠳᠠᠭᠠᠭᠤᠯᠬᠤ ᠬᠡᠷᠡᠭᠲᠡᠢ᠃ ᠬᠠᠯᠠᠭᠤᠨ ᠲᠤᠯᠠᠭᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠬᠤᠶᠠᠷ ᠢ ᠴᠢᠬᠤᠯᠠᠴᠢᠯᠠᠬᠤ︾ ︽ᠬᠤᠶᠠᠷ ᠰᠢᠨ᠎ᠡ︾ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠳᠡᠭᠡᠭᠰᠢ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠲᠣᠣᠷ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ 33 ᠵᠦᠢᠯ ᠪᠣᠯᠤᠨ ᠮᠠᠨ ᠤ ᠬᠤᠳᠠ ᠶᠢᠨ 10 ᠲᠠᠯ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯᠡᠰᠦ ᠰᠡᠷᠭᠡᠶᠢᠯᠡᠵᠤ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠨᠡᠨ ᠬᠦ ︽ᠰᠥᠨᠥᠭᠡᠬᠦ ᠳᠠᠶᠢᠯᠠᠯᠳᠤᠭᠠᠨ︾ ᠪᠣᠯᠭᠠᠵᠤ᠂ ᠵᠢᠯ ᠤᠨ ᠳᠣᠲᠣᠷ᠎ᠠ ᠪᠥᠬᠦ ᠵᠠᠰᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ  ᠪᠠᠨ ᠨᠢᠭᠡᠳᠦᠯᠲᠡᠶ ᠲᠥᠯᠥᠪᠯᠡᠨ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠰᠠᠶᠢᠲᠤᠷ ᠠᠳᠬᠤᠵᠤ᠂ ᠨᠡᠮᠡᠭᠳᠡᠯ ᠤᠨ ᠬᠡᠮᠵᠢᠶ᠎ᠡ ᠶᠢᠨ ᠳᠠᠭᠠᠭᠠᠴᠠ ᠶᠢᠨ ᠪᠣᠬᠢᠷᠲᠤᠯ ᠥᠬᠡᠶ ᠴᠠᠬᠢᠯᠭᠠᠨ ᠤ ᠲᠣᠬᠢᠷᠠᠭᠤᠯᠤᠯᠲᠠ᠂ ᠬᠠᠳᠠᠭᠠᠯᠠᠯᠲᠠ ᠶᠢᠨ ᠬᠡᠮᠵᠢᠶ᠎ᠡ ᠶᠢᠨ ᠳᠠᠭᠠᠭᠠᠴᠠ ᠶᠢᠨ ᠪᠣᠬᠢᠷᠲᠤᠯ ᠥᠬᠡᠶ ᠴᠠᠬᠢᠯᠭᠠᠨ ᠤ ᠣᠷᠣᠯᠠᠭᠤᠯᠤᠯᠲᠠ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠲᠣᠭᠲᠠᠭᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠠᠲᠠᠭᠤᠵᠢᠯᠲᠠᠢ ᠴᠢᠷᠮᠠᠶᠢᠵᠦ ᠪᠣᠳᠠᠲᠠᠢ ᠠᠵᠢᠯᠯᠠᠵᠤ᠂ ᠵᠥᠷᠢᠶ᠎ᠡ ᠶᠢ ᠴᠢᠩᠭ᠎ᠠ ᠠᠩᠬᠠᠷᠴᠤ ᠲᠤᠬᠢᠷᠠᠭᠤᠯᠤᠯᠳᠠ ᠶᠢ ᠠᠳᠬᠤᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠬᠢᠭᠤᠯᠬᠤ ᠶᠢ ᠴᠢᠩᠭ᠎ᠠ ᠠᠩᠬᠠᠷᠴᠤ᠂ ᠣᠨᠴᠠᠯᠢᠭ ᠢ ᠴᠢᠩᠭ᠎ᠠ ᠠᠩᠬᠠᠷᠴᠤ ᠬᠡᠷᠡᠭᠯᠡᠭᠡ ᠶᠢ ᠠᠬᠢᠭᠤᠯᠵᠤ᠂ ᠳᠠᠪᠠᠭᠤᠯᠢᠭ ᠢ ᠴᠢᠩᠭ᠎ᠠ ᠠᠩᠬᠠᠷᠴᠤ ᠭᠠᠳᠠᠭᠠᠳᠤ ᠠᠷᠠᠯᠵᠢᠶ᠎ᠠ ᠶᠢ ᠪᠠᠲᠤᠯᠠᠵᠤ᠂ ᠡᠳ᠋ ᠤᠨ ᠭᠠᠶᠢᠯᠢ ᠲᠠᠲᠠᠪᠤᠷᠢ ᠶᠢ ᠴᠢᠩᠭ᠎ᠠ ᠠᠩᠬᠠᠷᠴᠤ ᠣᠷᠣᠯᠭ᠎ᠠ ᠪᠠᠨ ᠥᠷᠭᠡᠳᠬᠡᠵᠦ᠂ ᠠᠶᠤᠯ ᠲᠦᠭᠰᠢᠭᠦᠷᠢ ᠶᠢ ᠴᠢᠩᠭ᠎ᠠ ᠠᠩᠬᠠᠷᠴᠤ ᠬᠤᠷᠢᠭ᠎ᠠ ᠱᠤᠭᠤᠮ ᠢ ᠰᠠᠬᠢᠵᠤ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠮᠠᠨ ᠤ ᠬᠤᠲᠠ ᠶᠢᠨ ᠭᠤᠤᠯᠳᠠᠯᠭ᠎ᠠ ᠲᠠᠢ ᠠᠵᠢᠯ ᠪᠠ ᠴᠢᠬᠤᠯᠠ ᠶᠡᠭᠡ ᠲᠥᠷᠥᠯ ᠵᠦᠢᠯ ᠤᠨ ᠬᠤᠯᠪᠤᠭᠳᠠᠯ ᠪᠥᠬᠦᠶ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ︽ᠦᠬᠠᠶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号