6 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠥᠬᠡᠨᠠᠭᠤᠷ᠂ ᠨᠢᠩᠰᠢᠶᠠ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠦᠬᠠᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠪᠦᠬᠦ | ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ | ᠬᠦᠭᠵᠢᠬᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠭᠤᠷᠪᠠ ᠶᠢ ᠨᠡᠶᠢᠳᠭᠡᠬᠦ︾ ᠠᠬᠢᠴᠠ ᠪᠠᠨ ᠲᠦᠷᠭᠡᠳᠬᠡᠵᠦ᠂ | ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠲᠡᠰᠢ | ᠤᠷᠤᠭᠰᠢᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ | ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠬᠦ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ | ᠪᠠᠷᠢᠮᠲᠠᠯᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠪᠠᠨ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ | ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠪᠠᠴᠢᠮ ᠬᠦᠴᠢᠷ ᠵᠤᠪᠠᠨᠢᠯ ᠡᠷᠡᠮᠡᠯᠵᠡᠯ | ᠤᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠠᠷᠠᠳ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠯᠠᠩ | ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠦᠬᠠᠢ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠥᠪᠡᠷᠮᠢᠴᠡ ᠦᠵᠡᠮᠵᠢ ᠶᠢᠨ ᠳᠠᠪᠠᠭᠤᠯᠢᠭ ᠲᠤ ᠲᠦᠰᠢᠭᠯᠡᠨ᠂ ᠡᠯᠡᠰᠦᠨ | ᠴᠥᠯ ᠤᠨ ᠬᠡᠭᠡᠷᠡᠯᠡᠨ ᠠᠶᠠᠯᠠᠬᠤ ᠭᠠᠵᠠᠷ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ | ᠢᠳᠡᠪᠬᠢᠲᠡᠶ ᠪᠤᠶᠢᠵᠢᠭᠤᠯᠵᠤ᠂ ︽ᠳᠤᠮᠳᠠᠳᠤ ᠤᠯᠤᠰ ᠤᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠭᠠᠵᠠᠷ︾ ᠢ ᠪᠥᠬᠦ | ᠬᠦᠴᠦᠨ ᠢᠶᠠᠷ ᠢᠶᠠᠨ ᠴᠣᠭᠴᠠᠯᠠᠵᠤ᠂ ︽ᠡᠯᠡᠰᠦᠨ ᠴᠥᠯ ᠳᠤ ᠮᠤᠷᠢᠯᠠᠨ ᠲᠡᠯᠡᠶ ᠶᠢ ᠦᠵᠡᠬᠦ· ᠳᠤᠮᠳᠠᠳᠤ ᠤᠯᠤᠰ ᠤᠨ | ᠦᠬᠠᠶ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ | ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠠᠷᠢᠯᠭᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ | ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ | ᠵᠡᠷᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ︽ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ | ᠪᠦᠲᠦᠭᠡᠯ ᠢᠶᠠᠨ ᠬᠤᠪᠢᠷᠠᠭᠤᠯᠬᠤ ᠶᠢ ᠠᠳᠠᠯᠢ ᠴᠢᠭᠯᠡᠯ ᠢᠶᠠᠷ ᠬᠦᠴᠦᠯᠡᠵᠦ᠂ BDO ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠤᠨ ᠠᠵᠢᠯᠯᠠᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ᠂ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾ | ᠵᠡᠷᠭᠡ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ | ᠪᠣᠯᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠤᠯᠤᠰ ᠲᠦᠷᠦ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠨᠠᠮ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠡᠷᠢᠭ ᠢ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ | ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠢ | ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ | ᠶᠢᠨ ︽ᠮᠠᠨ ᠤ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠳᠡᠢ︾ ᠬᠡᠬᠦ | ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠶ | ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠪᠦᠬᠦ | ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠨᠥᠯᠥᠭᠡᠯᠡᠬᠦ ᠬᠦᠴᠦᠨ ᠪᠣᠯᠤᠨ | ᠦᠷᠢᠰᠦᠯᠳᠦᠬᠦ ᠬᠦᠴᠦᠨ ᠲᠠᠢ ᠣᠷᠣᠨ ᠪᠦᠰᠡ ᠶᠢᠨ ᠤᠨᠴᠠᠯᠢᠬᠳᠤ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠬᠦᠷᠢᠶᠡᠨ ᠤ ᠣᠨ ᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ | ᠪᠥᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠨᠠᠷᠢᠨ ᠬᠢᠨᠠᠮᠠᠭᠠᠶ ᠵᠠᠳᠠᠯᠤᠨ ᠳ᠋ᠦᠩᠨᠡᠵᠦ᠂ ᠲᠤᠳᠠᠭᠤᠳᠠᠯ ᠢᠶᠠᠨ ᠴᠠᠭ | ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ︽ᠴᠠᠭ ᠤᠨ ᠬᠠᠭᠠᠰ ᠨᠢ ᠦᠩᠭᠡᠷᠡᠪᠡᠯ᠂ ᠡᠭᠦᠷᠭᠡ ᠶᠢᠨ ᠬᠠᠭᠠᠰ ᠢ | ᠪᠠᠶᠠᠯᠡᠬᠦᠯᠬᠦ︾ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠨ ᠮᠠᠨ ᠤ ᠬᠤᠲᠠ ᠳᠤ | ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠢᠰᠲ᠋ᠧᠮ ᠲᠠᠢ ᠰᠠᠶᠢᠲᠤᠷ ᠡᠮᠬᠢᠯᠡᠵᠦ᠂ ᠳᠡᠯᠭᠡᠷᠡᠭᠦᠯᠵᠦ | ᠪᠣᠯᠬᠤ ᠬᠠᠭᠤᠯᠪᠤᠷᠢᠯᠠᠵᠤ ᠪᠣᠯᠬᠤ ᠲᠦᠷᠢᠮ ᠲᠣᠭᠲᠠᠴᠠ ᠪᠠᠨ ᠪᠠᠲᠤᠳᠬᠠᠨ ᠪᠦᠷᠢᠯᠳᠦᠭᠦᠯᠬᠦ ᠬᠡᠷᠡᠭᠲᠡᠢ᠃ ᠦᠨᠳᠦᠰᠦᠨ | ᠱᠠᠲᠤᠨ ᠤ ᠵᠠᠰᠠᠯᠲᠠ ᠶᠢᠨ ᠠᠵᠢᠯ ᠢ ᠪᠣᠳᠠᠲᠠᠢ ᠬᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠬᠤᠷᠠᠯ᠂ | ᠮᠡᠳᠡᠭᠦᠯᠦᠯᠲᠡ ᠶᠢᠨ ᠬᠦᠰᠦᠨᠦᠭ᠂ ᠮᠠᠲ᠋ᠧᠷᠢᠶᠠᠯ ᠵᠡᠷᠭᠡ ᠠᠵᠢᠯ ᠤᠨ ᠳᠤᠮᠳᠠ ᠠᠴᠠ ᠰᠠᠯᠭᠠᠵᠤ᠂ ᠤᠯᠠᠨ ᠲᠦᠮᠡᠨ ᠳᠤ | ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠤᠨᠤᠰᠴᠦ᠂ | ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ︽ᠵᠢᠷᠭᠤᠭᠠᠨ ᠵᠦᠢᠯ ᠤᠨ ᠠᠴᠢᠶᠠᠯᠠᠪᠤᠷᠢ︾ ︽ᠲᠦᠷᠪᠡᠨ ᠬᠥᠮᠦᠵᠢᠯ ᠢ | ᠠᠭᠤᠰᠤᠯᠴᠠᠭᠤᠯᠬᠤ︾ ᠶᠢ ᠠᠮᠢᠳᠤᠯᠢᠭ ᠢᠶᠠᠷ ᠬᠡᠷᠡᠭᠯᠡᠵᠦ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠳᠤᠯᠵᠤ᠂ | ᠰᠠᠨᠠᠭᠠᠴᠢᠯᠠᠭ᠎ᠠ ᠠᠴᠠ ᠪᠠᠨ ᠪᠣᠳᠣᠯᠬᠢᠯᠠᠨ᠂ ︽ᠰᠠᠨᠠᠯ︾ ᠳᠤ ᠬᠤᠯᠪᠤᠭᠳᠠᠭᠰᠠᠨ ᠮᠠᠨ ᠤ ᠬᠤᠲᠠ ᠶᠢᠨ ᠭᠤᠤᠯᠳᠠᠯᠭ᠎ᠠ ᠲᠠᠢ | ᠠᠵᠢᠯ ᠪᠠ ᠴᠢᠬᠤᠯᠠ ᠶᠡᠭᠡ ᠲᠥᠷᠥᠯ ᠵᠦᠢᠯ ᠢ ᠭᠦᠨᠵᠡᠭᠡᠶ ᠰᠤᠳᠤᠯᠤᠨ ᠠᠬᠢᠭᠤᠯᠵᠤ᠂ ᠡᠯ᠎ᠡ ᠵᠦᠢᠯ ᠤᠨ ᠠᠵᠢᠯ ᠳᠤ | ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ︽ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ | ᠭᠤᠤᠯᠳᠠᠯᠭ᠎ᠠ ᠲᠠᠢ ᠠᠵᠢᠯ︾ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠦᠬᠠᠢ ᠳᠤ ᠨᠠᠩ ᠰᠠᠶᠢᠲᠤᠷ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠨᠢᠭᠡᠳᠦᠯᠲᠡᠢ | ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠨᠠᠮ ᠤᠨ ᠲᠡᠦᠬᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ︽ᠲᠠᠩᠰᠠ ᠡᠪᠬᠡᠮᠡᠯ ᠤᠨ ᠠᠵᠢᠯ ᠨᠠᠮ ᠤᠨ ᠣᠳᠣᠷᠢᠳᠣᠯᠭ᠎ᠠ ᠶᠢ ᠡᠷᠡᠰ ᠪᠠᠷᠢᠮᠳᠠᠯᠠᠬᠤ︾ ᠤᠯᠤᠰ ᠲᠦᠷᠦ ᠶᠢᠨ ᠰᠢᠨᠵᠢ | ᠴᠢᠨᠠᠷ ᠢ ᠭᠦᠨᠵᠡᠭᠡᠢ ᠡᠵᠡᠮᠳᠡᠵᠦ᠂ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ︽ᠨᠠᠮ ᠤᠨ | ᠲᠥᠯᠥᠭᠡ ᠦᠭᠡ ᠬᠡᠯᠡᠬᠦ᠂ ᠤᠯᠤᠰ ᠤᠨ ᠲᠥᠯᠥᠭᠡ ᠲᠡᠦᠬᠡ ᠦᠯᠡᠳᠡᠭᠡᠬᠦ᠂ ᠠᠷᠠᠳ ᠤᠨ ᠲᠥᠯᠥᠭᠡ ᠣᠶᠢᠯᠠᠯᠭ᠎ᠠ | ᠨᠠᠶᠢᠷᠠᠭᠤᠯᠬᠤ︾ ᠴᠢᠬᠤᠯᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |