ᠯᠢ ᠴᠢᠶᠠᠩ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/27
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24 ᠤ ᠦᠳᠡ ᠶᠢᠨ ᠬᠤᠶᠢᠨ᠎ᠠ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃

     6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ

ᠶᠡᠷᠦᠩᠬᠡᠢ ᠰᠠᠶᠢᠳ ᠯᠢ ᠴᠢᠶᠠᠩ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃

     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ

     ᠯᠢ ᠴᠢᠶᠠᠩ ᠶᠠᠭᠤᠨ ᠤ ᠡᠮᠦᠨ᠎ᠡ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠴᠠ ᠶᠡᠷᠦᠩᠬᠡᠢ

ᠱᠦᠵᠢ ᠷᠤᠸᠠᠨ ᠹᠦ᠋ ᠵᠥᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠳᠤ ᠬᠦᠷᠭᠡᠭᠰᠡᠨ ᠳᠣᠲᠣᠨᠣ ᠮᠡᠨᠳᠦᠴᠢᠯᠡᠯ ᠢ

ᠳᠠᠮᠵᠢᠭᠤᠯᠵᠠᠢ᠃ ᠯᠢ ᠴᠢᠶᠠᠩ ᠢᠯᠡᠳᠬᠡᠬᠦ ᠳᠤ ᠪᠠᠨ᠂ ᠳᠤᠮᠳᠠᠳᠤ ᠤᠯᠤᠰ ᠨᠢ ᠸᠢᠶᠧᠲᠨᠠᠮ ᠯᠤᠭ᠎ᠠ ︽ᠨᠥᠬᠦᠷ ᠪᠥᠭᠡᠳ ᠠᠬ᠎ᠠ

ᠳᠡᠭᠦᠦ︾ ᠶᠢᠨ ᠭᠦᠨ ᠵᠤᠵᠠᠭᠠᠨ ᠨᠥᠬᠦᠷᠯᠡᠯ ᠲᠠᠢ ᠶᠤᠮ᠃ ᠨᠢᠳᠤᠨᠤᠨ᠂ ᠶᠡᠷᠦᠩᠬᠡᠢ ᠱᠦᠵᠢ ᠰᠢ ᠶᠢᠨ ᠫᠢᠩ ᠪᠠ ᠶᠡᠷᠦᠩᠬᠡᠢ

ᠱᠦᠵᠢ ᠷᠤᠸᠠᠨ ᠹᠦ᠋ ᠵᠦᠩ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ

ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ

ᠸᠢᠶᠧᠲᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠠᠤᠭ᠎ᠠ ᠲᠥᠰᠥᠪ ᠢ ᠵᠢᠷᠤᠭᠯᠠᠵᠤ

ᠥᠭᠴᠡᠢ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠯᠤᠰ ᠲᠠᠢ ᠬᠠᠮᠲᠤ ᠪᠠᠷ ᠬᠤᠶᠠᠷ ᠨᠠᠮ ᠤᠨ ᠬᠠᠮᠤᠭ ᠤᠨ ᠳᠡᠭᠡᠳᠦ

ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ

ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ

ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ

ᠲᠠᠶᠢᠪᠤᠩ᠂ ᠲᠣᠭᠲᠠᠭᠤᠨ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃

     ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠯᠤᠰ ᠲᠠᠢ ᠬᠠᠮᠲᠤ ᠪᠠᠷ ᠳᠤᠮᠳᠠᠳᠤ ᠸᠢᠶᠧᠲᠨᠠᠮ ᠤᠨ

ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠭᠡ ᠴᠢᠭᠯᠡᠯ ᠢ ᠰᠠᠶᠢᠲᠤᠷ ᠪᠠᠷᠢᠮᠲᠠᠯᠠᠵᠤ᠂

ᠰᠠᠶᠢᠲᠤᠷ ᠠᠳᠬᠤᠨ᠂ ᠬᠤᠶᠠᠷ ᠤᠯᠤᠰ ᠤᠨ ᠬᠠᠷᠢᠯᠴᠠᠭ᠎ᠠ ᠪᠠᠨ ᠬᠥᠭᠵᠢᠭᠦᠯᠬᠦ ᠶᠢ ᠢᠮᠠᠭᠲᠠ ᠲᠤᠰ ᠤᠯᠤᠰ ᠤᠨ ᠢᠶᠠᠨ

ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠬᠠᠷᠢᠯᠴᠠᠨ

ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠰᠠᠶᠢᠲᠤᠷ ᠠᠰᠢᠭᠯᠠᠵᠤ᠂ ︽ᠨᠢᠭᠡ ᠪᠦᠰᠡ ᠨᠢᠭᠡ ᠵᠠᠮ︾ ᠪᠠ ︽ᠬᠤᠶᠠᠷ ᠬᠤᠩᠭᠢᠯ

ᠨᠢᠭᠡ ᠲᠣᠭᠤᠷᠢᠭ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ

ᠪᠣᠯᠭᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠲᠠᠰᠤᠷᠠᠯᠳᠡ ᠦᠭᠡᠢ ᠦᠷᠭᠡᠳᠬᠡᠨ᠂ ᠬᠤᠯᠪᠣᠯᠳᠤᠨ

ᠨᠡᠪᠲᠡᠷᠡᠯᠴᠡᠬᠦ ᠪᠠᠨ ᠴᠢᠨᠠᠭᠰᠢᠳᠠ ᠴᠢᠩᠭᠠᠳᠬᠠᠵᠤ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ

ᠬᠠᠮᠲᠤᠷᠠᠯᠴᠠᠭᠠᠨ ᠤ ᠰᠢᠨ᠎ᠡ ᠨᠡᠮᠡᠭᠳᠡᠯ ᠴᠡᠭ ᠢ ᠦᠷᠭᠦᠯᠵᠢᠯᠡᠨ ᠡᠭᠦᠳᠴᠦ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ

ᠬᠦᠷᠲᠡᠭᠡᠬᠦ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠣᠯᠬᠤ ᠬᠡᠷᠡᠭᠲᠡᠢ᠃ ᠳᠤᠮᠳᠠᠳᠤ ᠤᠯᠤᠰ

ᠳᠤᠷᠠᠲᠠᠶ᠎ᠠ ᠸᠢᠶᠧᠲᠨᠠᠮ ᠲᠠᠢ ᠵᠢᠭᠤᠯᠴᠢᠯᠠᠯ᠂ ᠡᠮᠴᠢᠯᠡᠭᠡ᠂ ᠰᠤᠷᠭᠠᠨ ᠬᠥᠮᠦᠵᠢᠯ᠂ ᠵᠠᠯᠠᠭᠤᠴᠤᠳ ᠵᠡᠷᠭᠡ ᠬᠦᠷᠢᠶᠡᠨ ᠳᠠᠬᠢ ᠰᠣᠶᠣᠯ

ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ

ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ᠃

     ᠹᠠᠨ ᠮᠢᠩ ᠵᠧᠩ ᠯᠢ ᠴᠢᠶᠠᠩ ᠳᠤ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠤ᠋

ᠯᠢᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠢ

ᠳᠠᠮᠵᠢᠭᠤᠯᠬᠤ ᠶᠢ ᠬᠦᠰᠡᠪᠡ᠃ ᠹᠠᠨ ᠮᠢᠩ ᠵᠧᠩ᠂ ᠸᠢᠶᠧᠲᠨᠠᠮ ᠳᠤᠮᠳᠠᠳᠤ ᠶᠢᠨ ᠤᠷᠳᠤ ᠬᠤᠭᠤᠴᠠᠭᠠᠨ ᠤ ᠨᠥᠬᠦᠷᠰᠡᠭ

ᠬᠠᠮᠲᠤᠷᠠᠯᠴᠠᠭ᠎ᠠ ᠶᠢ ᠴᠢᠩᠭᠠᠳᠬᠠᠬᠤ ᠪᠣᠯ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ

ᠪᠤᠰᠤᠳᠴᠢ ᠱᠠᠭᠠᠷᠳᠠᠯᠭ᠎ᠠ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠶᠠᠪᠤᠳᠠᠯ ᠪᠣᠯᠣᠨ᠎ᠠ᠃

ᠸᠢᠶᠧᠲᠨᠠᠮ ᠤᠯᠤᠰ ᠤᠨ ᠢᠶᠠᠨ ᠲᠤᠰᠠᠭᠠᠷ ᠲᠣᠭᠲᠠᠨᠢᠯ ᠪᠠ ᠨᠢᠭᠡᠳᠦᠯ ᠢᠶᠠᠨ ᠪᠡᠶᠡᠯᠡᠭᠦᠯᠬᠦ᠂ ᠤᠯᠤᠰ ᠤᠨ ᠢᠶᠠᠨ ᠠᠵᠤ ᠠᠬᠤᠢ

ᠨᠡᠶᠢᠭᠡᠮ ᠤᠨ ᠬᠥᠭᠵᠢᠯᠲᠡ ᠪᠠᠨ ᠠᠬᠢᠭᠤᠯᠬᠤ ᠳᠤ ᠳᠤᠮᠳᠠᠳᠤ ᠤᠯᠤᠰ ᠬᠦᠴᠦᠲᠡᠢ ᠳᠡᠮᠵᠢᠭᠰᠡᠨ ᠢ ᠢᠮᠠᠭᠲᠠ ᠪᠠᠲᠤ

ᠴᠡᠭᠡᠵᠢᠯᠡᠭᠰᠡᠭᠡᠷ ᠢᠷᠡᠭᠰᠡᠨ ᠪᠥᠭᠡᠳ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠸᠢᠶᠧᠲᠨᠠᠮ ᠤᠯᠤᠰ ᠨᠢᠭᠡ ᠳᠤᠮᠳᠠᠳᠤ

ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠬᠦᠴᠦᠷᠬᠡᠭᠵᠢᠨ

ᠬᠥᠭᠵᠢᠬᠦ ᠶᠢ ᠳᠡᠮᠵᠢᠵᠦ᠂ ᠳᠤᠮᠳᠠᠳᠤ ᠤᠯᠤᠰ ᠤᠯᠤᠰ ︽ᠪᠦᠬᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ ᠳᠠᠯᠠᠢ

ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠶᠢ ᠳᠡᠮᠵᠢᠨ᠂ ᠳᠤᠷᠠᠲᠠᠶ᠎ᠠ ᠳᠤᠮᠳᠠᠳᠤ

ᠤᠯᠤᠰ ᠲᠠᠢ ᠬᠠᠮᠲᠤ ᠪᠠᠷ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ

ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ

ᠭᠦᠨᠵᠡᠭᠡᠶᠢᠷᠡᠭᠦᠯᠦᠨ᠂ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠨᠡᠩ

ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠸᠢᠶᠧᠲᠨᠠᠮ ᠢ

ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠤ ᠦᠯᠢᠭᠡᠷ ᠵᠢᠱᠢᠶ᠎ᠡ ᠪᠣᠯᠵᠠᠢ᠃ ᠶᠡᠷᠦᠩᠬᠡᠢ ᠱᠦᠵᠢ

ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ

ᠵᠠᠮ ᠳᠡᠭᠡᠷ᠎ᠡ ᠨᠡᠩ ᠶᠡᠭᠡ ᠠᠮᠵᠢᠯᠲᠠ ᠣᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠨᠡᠩ ᠶᠡᠭᠡ

ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃

 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号