ᠸᠠᠩ ᠸᠧᠨ ᠵᠢᠶᠧ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠸᠧᠨ ᠵᠢᠶᠧ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠭᠤᠤᠯ ᠰᠡᠳᠦᠪ ᠪᠤᠯᠭᠠᠬᠤ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠠᠭᠤᠯᠭ᠎ᠠ ᠶᠢᠨ ᠲᠣᠭᠤᠷᠢᠨ ᠳᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃      ᠸᠠᠩ ᠸᠧᠨ ᠵᠢᠶᠧ ᠬᠡᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠶ ᠮᠠᠰᠢ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠣᠭᠤᠷᠢᠨ ᠳᠤ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠥᠭᠦᠯᠡᠯᠲᠡ ᠬᠢᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠭᠰᠠᠭᠠᠷ ᠢᠷᠡᠵᠡᠶ ᠭᠡᠵᠡᠢ᠃      ᠸᠠᠩ ᠸᠧᠨ ᠵᠢᠶᠧ ᠬᠡᠯᠡᠭᠰᠡᠨ ᠨᠢ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠠᠷᠠᠳᠴᠢᠯᠠᠯ ᠲᠥᠪᠯᠡᠷᠡᠯ ᠤᠨ ᠶᠣᠰᠣ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠵᠡᠷᠭᠡ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠪᠠᠶᠢᠩᠭᠤᠵᠢᠭᠤᠯᠬᠤ᠂ ᠵᠢᠷᠤᠮᠵᠢᠭᠤᠯᠬᠤ᠂ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠷᠢᠭᠤᠨ ᠴᠢᠬᠡᠴᠢ ᠶᠢᠨ ︽ᠬᠦᠪᠴᠢ︾ ᠶᠢ ᠴᠠᠭ ᠢᠮᠠᠭᠲᠠ ᠴᠢᠩᠭ᠎ᠠ ᠠᠳᠬᠤᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠠᠵᠢᠯᠯᠠᠭ᠎ᠠ ᠶᠢ ᠡᠷᠡᠰ ᠠᠷᠢᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠳᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠤᠯᠠᠨ ᠲᠦᠮᠡᠨᠴᠢ ᠱᠤᠭᠤᠮ ᠢ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠳᠤᠮᠳᠠ ᠪᠠᠨ ᠲᠤᠤᠱᠯᠠᠭᠤᠯᠵᠤ᠂ ᠨᠠᠮ ᠤᠨ ᠤᠯᠠᠨ ᠲᠦᠮᠡᠨ ᠤ ᠰᠠᠭᠤᠷᠢ᠂ ᠨᠡᠶᠢᠭᠡᠮ ᠤᠨ ᠰᠠᠭᠤᠷᠢ ᠶᠢ ᠵᠤᠵᠠᠭᠠᠳᠬᠠᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠬᠤᠳᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠪᠠᠳᠠᠷᠠᠭᠤᠯᠵᠤ᠂ ᠤᠬᠠᠮᠰᠠᠷ ᠠᠴᠠ ᠪᠠᠨ ᠨᠡᠶᠢᠭᠡᠮ ᠨᠡᠶᠢᠲᠡ ᠶᠢᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ ᠪᠠ ᠬᠤᠪᠢ ᠬᠥᠮᠦᠨ ᠤ ᠵᠠᠩ ᠮᠣᠷᠠᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠪᠠ ᠠᠮᠢᠳᠤᠷᠠᠯ ᠳᠠᠭᠠᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号