ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠪᠠᠶ ᠬᠠᠶ ᠿᠦᠩ᠂ ᠸᠠᠩ ᠶᠢᠨ᠂ ᠸᠧᠶ ᠠᠶ ᠯᠢᠨ᠂ ᠴᠡᠩᠬᠡᠯ᠂ ᠰᠥᠩ ᠶᠤᠸᠠᠢ ᠰᠢᠶᠠ᠂ ᠿᠧᠨ ᠵᠢᠶ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠶᠦᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 32 ᠬᠥᠮᠦᠨ ᠬᠤᠷᠠᠯ ᠳᠤ ᠣᠷᠣᠯᠴᠠᠪᠡ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ᠂ ᠭᠤᠤ ᠪᠥᠸᠧ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠭᠧᠩ ᠬᠠᠢ ᠵᠢᠶᠦ᠋ᠨ ᠤ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠠᠷ ᠲᠣᠭᠲᠠᠪᠠ᠃ ᠵᠠᠩ ᠶᠦᠩ ᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠡ᠃      ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠬᠦ ᠬᠤᠲᠠ ᠶᠢᠨ ᠠᠵᠢᠯ ᠣᠯᠭᠤᠯᠲᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠬᠤᠲᠠ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ︽ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ︔ ᠪᠠᠰᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢᠨ ᠣᠨᠴᠠᠭᠠᠢ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠡᠶᠢᠭᠡᠮ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠪᠠᠶᠢᠭᠤᠯᠤᠮᠵᠢ ᠲᠣᠭᠲᠠᠴᠠ᠂ ᠭᠡᠮ ᠰᠣᠭᠤᠭ ᠢ ᠵᠠᠰᠠᠬᠤ᠂ ᠦᠨᠳᠦᠰᠦᠨ ᠱᠠᠲᠤᠨ ᠤ ᠰᠠᠭᠤᠷᠢ᠂ ᠠᠪᠤᠷᠠᠨ ᠲᠤᠰᠠᠯᠠᠬᠤ ᠴᠢᠳᠠᠪᠤᠷᠢ ᠵᠡᠷᠭᠡ ᠲᠠᠯ᠎ᠠ ᠠᠴᠠ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠤᠳᠠ ᠶᠢᠨ ᠭᠠᠯ ᠤᠨᠲᠠᠷᠠᠭᠠᠬᠤ ᠲᠥᠯᠥᠪᠵᠢᠭᠦᠯᠭᠡ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠯ ᠤᠨᠲᠠᠷᠠᠭᠠᠬᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠡᠭᠡ ᠳ᠋ᠠᠶᠢᠲ᠋ᠠ ᠵᠡᠷᠭᠡ ᠤᠶᠤᠨᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠨᠡᠩ ᠣᠨᠣᠪᠴᠢᠲᠠᠢ ᠪᠦᠲᠦᠮᠵᠢᠲᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠢᠳᠡᠪᠬᠢᠲᠡᠢ ᠪᠤᠶᠢᠵᠢᠭᠤᠯᠵᠤ᠂ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠶᠢ ᠳᠠᠶᠢᠴᠢᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠵᠦ᠂ ᠡᠭᠦᠷᠭᠡ ᠪᠠᠨ ᠤᠯᠠᠮ ᠨᠢᠭᠡ ᠠᠯᠬᠤᠮ ᠡᠮᠬᠢᠯᠡᠨ ᠨᠠᠷᠢᠯᠢᠬᠵᠢᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+ N︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠩᠬᠠᠷᠴᠤ᠂ ᠲᠤᠰᠬᠠᠶ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠮᠥᠷᠳᠡᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠬᠢᠨᠠᠮᠠᠭᠠᠶ ᠰᠠᠶᠢᠲᠤᠷ ᠬᠢᠵᠦ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号