ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠬᠤᠷᠠᠯᠳᠤᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠪᠠᠶᠢᠳᠠᠯ ᠤᠨ ᠲᠤᠬᠠᠢ ᠲᠤᠰᠬᠠᠢ ᠰᠡᠳᠦᠪ ᠢᠶᠠᠷ ᠯᠠᠪᠯᠠᠨ ᠠᠰᠠᠭᠤᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠪᠠᠶ ᠬᠠᠶ ᠿᠦᠩ᠂ ᠸᠠᠩ ᠶᠢᠨ᠂ ᠸᠧᠶ ᠠᠶ ᠯᠢᠨ᠂ ᠴᠡᠩᠬᠡᠯ᠂ ᠰᠥᠩ ᠶᠤᠸᠠᠢ ᠰᠢᠶᠠ᠂ ᠿᠧᠨ ᠵᠢᠶ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠶᠦᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠣᠪᠣᠷ ᠢᠶᠠᠨ ᠢᠯᠡᠳᠬᠡᠬᠦ ᠦᠭᠡ ᠬᠡᠯᠡᠪᠡ᠃      ᠲᠤᠰᠬᠠᠶ ᠰᠡᠳᠦᠪᠲᠦ ᠠᠰᠠᠭᠤᠨ ᠯᠠᠪᠯᠠᠬᠤ ᠬᠤᠷᠠᠯ ᠳᠡᠭᠡᠷ᠎ᠡ᠂ ᠬᠡᠰᠡᠭ ᠪᠠᠶᠢᠩᠭᠤ ᠶᠢᠨ ᠬᠤᠷᠢᠶᠠᠨ ᠤ ᠪᠦᠷᠢᠯᠳᠦᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠳᠠᠯᠢ ᠪᠤᠰᠤ ᠬᠠᠷᠠᠭᠠᠰᠤ ᠠᠴᠠ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠠᠴᠠ ᠯᠠᠪᠯᠠᠨ ᠠᠰᠠᠭᠤᠬᠤ ᠠᠵᠢᠯ ᠥᠷᠨᠢᠭᠦᠯᠵᠦ᠂ ᠬᠤᠲᠠ ᠲᠣᠭᠤᠷᠢᠭ ᠬᠤᠶᠠᠷ ᠱᠠᠳᠣᠨ ᠤ ᠵᠠᠰᠠᠭ ᠤᠨ ᠣᠷᠳᠣᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠯᠠᠪᠯᠠᠭᠰᠠᠨ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号