ᠼᠦᠢ ᠵᠢᠩ ᠶᠢᠩ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠪᠣᠯᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠪᠣᠯᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃

     ᠼᠦᠢ ᠵᠢᠩ ᠶᠢᠩ ᠨᠡᠷ ᠤᠷᠢᠳ ᠬᠤᠵᠢᠳ ᠬᠤᠳᠠ ᠶᠢᠨ ᠳ᠋ᠢᠵᠢᠲ᠋ᠠᠯᠴᠢᠯᠠᠭᠰᠠᠨ ᠠᠵᠤ ᠠᠬᠤᠢ ︵ᠪᠠᠷᠠᠭᠠᠨ ᠤ

ᠭᠦᠢᠯᠭᠡᠭᠡ︶ ᠶᠢᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠿᠦᠨ ᠠᠩ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠦᠩ ᠬᠠᠢ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ

ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠲᠠᠪᠴᠠᠩ ᠤᠨ ᠪᠠᠶᠢᠭᠤᠯᠤᠯᠲᠠ᠂ ᠠᠮᠤᠷ ᠲᠦᠪᠰᠢᠨ ᠤ ᠬᠠᠮᠢᠶᠠᠷᠤᠯᠲᠠ

ᠵᠡᠷᠭᠡ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠵᠢᠯᠯᠠᠵᠤ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ

ᠬᠦᠴᠢᠷᠳᠡᠯ ᠪᠣᠯᠤᠨ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠪᠡ᠃

     ᠼᠦᠢ ᠵᠢᠩ ᠶᠢᠩ ᠬᠡᠯᠡᠭᠰᠡᠨ ᠨᠢ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠪᠣᠯ ᠠᠵᠤ ᠦᠢᠯᠡᠰ ᠤᠨ

ᠬᠡᠯᠬᠢᠶ᠎ᠡ ᠶᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢ

ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂

ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂

ᠠᠵᠤ ᠦᠢᠯᠡᠳᠪᠦᠷᠢ ᠶᠢᠨ ᠠᠵᠤ ᠠᠬᠤᠶᠢᠯᠠᠯ ᠬᠢᠭᠡᠳ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠤᠤᠰ

ᠴᠢᠭᠯᠡᠯ ᠢᠶᠠᠷ ᠡᠨᠧᠷᠭᠢ ᠣᠯᠭᠤᠬᠤ ᠶᠢ ᠬᠥᠲᠥᠯᠦᠨ ᠵᠢᠯᠣᠭᠤᠳᠴᠤ᠂ ︽ᠪᠠᠭ᠎ᠠ᠂ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ

ᠦᠭᠡᠢ︾ ᠪᠠᠷᠠᠭᠠᠨ ᠤ ᠲᠡᠭᠡᠭᠡᠪᠦᠷᠢ ᠶᠢᠨ ᠡᠬᠢ ᠪᠠᠶᠠᠯᠢᠭ ᠢ ᠡᠷᠴᠢᠮᠵᠢᠭᠦᠯᠦᠨ ᠨᠡᠶᠢᠳᠭᠡᠬᠦ ᠶᠢ ᠳᠥᠯᠭᠢᠨ ᠠᠬᠢᠭᠤᠯᠵᠤ᠂

ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠᠨ ᠦᠨᠡᠨ ᠬᠦ

ᠳᠡᠭᠡᠭᠰᠢᠯᠡᠭᠦᠯᠦᠨ᠂ ᠬᠥᠭᠵᠢᠯᠲᠡ ᠶᠢᠨ ᠳᠠᠪᠠᠭᠤᠯᠢᠭ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠪᠠᠷᠠᠭᠠᠨ ᠤ

ᠭᠦᠢᠯᠭᠡᠭᠡᠨ ᠤ ᠲᠠᠭᠠᠭᠤᠯᠤᠭᠴᠢ ᠠᠵᠤ ᠠᠬᠤᠶᠢᠯᠠᠯ ᠪᠣᠯᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠢ

ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳ᠋ᠢᠵᠢᠲ᠋ᠠᠯᠴᠢᠯᠠᠭᠰᠠᠨ᠂ ᠤᠶᠤᠨᠴᠢᠯᠠᠭᠰᠠᠨ ᠪᠠᠷᠠᠭᠠᠨ ᠤ ᠭᠦᠢᠯᠭᠡᠭᠡ ᠶᠢ

ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠬᠡᠷᠡᠭᠯᠡᠯᠲᠡ ᠳᠡᠯᠭᠡᠷᠡᠭᠦᠯᠦᠯᠲᠡ ᠶᠢ

ᠲᠦᠷᠭᠡᠳᠬᠡᠵᠦ᠂ ᠴᠠᠬᠢᠯᠭᠠᠨ ᠴᠡᠨᠡᠭᠯᠡᠬᠦ ᠦᠷᠳᠡᠭᠡ ᠵᠡᠷᠭᠡ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠥᠨᠳᠥᠷ

ᠪᠦᠲᠦᠮᠵᠢᠲᠡᠢ᠂ ᠲᠤᠤᠷ᠎ᠠ ᠨᠡᠭᠦᠷᠡᠰᠦᠲᠥ᠋ᠷᠥᠭᠴᠢᠲᠤ᠂ ᠪᠣᠬᠢᠷᠲᠤᠯ ᠦᠭᠡᠢ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ

ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠶᠡᠭᠡ ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠤᠳᠤ ᠦᠶ᠎ᠡ ᠶᠢᠨ

ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠬᠯᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠡᠵᠡᠩᠨᠡᠯᠲᠡ ᠶᠢᠨ

ᠬᠡᠯᠪᠡᠷᠢ ᠪᠠᠶᠢᠳᠠᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠳ᠋ᠢᠵᠢᠲ᠋ᠠᠯᠴᠢᠯᠠᠯᠳᠠ᠂ ᠤᠶᠤᠨᠴᠢᠯᠠᠯᠳᠠ ᠶᠢᠨ

ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠦᠨᠡᠨ ᠬᠦ

ᠴᠢᠩᠭᠠᠳᠬᠠᠬᠤ ᠬᠡᠷᠡᠭᠲᠡᠢ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ

ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠵᠠᠬ᠎ᠠ ᠳᠡᠯᠭᠡᠭᠦᠷ ᠲᠤ ᠣᠷᠣᠬᠤ ᠶᠢ

ᠵᠥᠪᠰᠢᠶᠡᠷᠡᠬᠦ᠂ ᠡᠳ᠋ ᠤᠨ ᠵᠠᠰᠠᠭ ᠭᠠᠶᠢᠯᠢ ᠮᠥᠩᠭᠦᠨ ᠬᠦᠢᠯᠭᠡᠭᠡ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ

ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠠᠭᠠᠨ ᠤ ᠬᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢᠶᠠᠨ

ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠣᠲᠣ ᠦᠶ᠎ᠡ ᠶᠢᠨ

ᠪᠠᠷᠠᠭᠠᠨ ᠤ ᠬᠦᠢᠯᠭᠡᠭᠡᠨ ᠤ ᠰᠢᠰᠲ᠋ᠧᠮ ᠤᠨ ᠲᠤᠯᠭᠠᠭᠤᠷᠢᠯᠠᠯ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ

ᠬᠡᠷᠡᠭᠲᠡᠶ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号