ᠮᠠᠨ ᠤ ᠬᠤᠲᠠ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ
ᠨᠡᠶᠢᠲᠡᠯᠡᠭᠰᠡᠨ ᠴᠠᠭ᠄
2024/6/3
     ᠡᠨᠡ ᠵᠢᠯ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠭᠤᠣᠯ ᠰᠡᠳᠦᠪ ᠪᠣᠯ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠦ ᠴᠢᠳᠠᠨ᠎ᠠ— ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠤᠶ᠎ᠡ︾ ᠪᠣᠯᠤᠨ᠎ᠠ᠃ 5 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠭᠠᠵᠠᠷ ᠬᠥᠳᠡᠯᠦᠯᠲᠡ ᠶᠢᠨ ᠭᠠᠮᠰᠢᠭ ᠠᠴᠠ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢ ᠳ᠋ᠦᠩ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠠᠵᠢᠯᠯᠠᠭ᠎ᠠ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠭᠠᠵᠠᠷ ᠬᠥᠳᠡᠯᠦᠯᠲᠡ ᠶᠢᠨ ᠭᠠᠮᠰᠢᠭ ᠠᠴᠠ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠤᠷᠢᠨ ᠦᠵᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠭᠡᠨᠡᠳᠲᠡ ᠶᠢᠨ ᠭᠠᠵᠠᠷ ᠬᠥᠳᠡᠯᠦᠯᠲᠡ ᠶᠢᠨ ᠭᠠᠮᠰᠢᠭ ᠤᠨ ᠬᠡᠷᠡᠭ ᠢᠶᠠᠷ ᠵᠢᠱᠢᠯᠳᠡ ᠪᠤᠯᠭᠠᠵᠤ᠂ ᠬᠤᠶᠠᠷ ᠵᠡᠭᠡᠯᠢ ᠭᠤᠳᠤᠮᠵᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠳᠠᠷᠤᠶ ᠲᠦᠷᠭᠡᠨ ᠡᠬᠢᠯᠡᠭᠦᠯᠵᠦ᠂ ᠡᠯ᠎ᠡ ᠬᠤᠯᠪᠤᠭᠳᠠᠯ ᠪᠦᠬᠦᠢ ᠨᠢᠭᠡᠴᠡ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ ᠦᠳᠲᠡᠷ ᠲᠦᠷᠭᠡᠨ ᠬᠥᠳᠡᠯᠦᠯᠴᠡᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠬᠦᠷᠴᠦ ᠰᠢᠢᠳᠪᠦᠷᠢᠯᠡᠨ᠂ ᠬᠤᠲᠠ  ᠲᠣᠭᠤᠷᠢᠭ ᠬᠤᠶᠠᠷ ᠱᠠᠲᠤᠨ ᠤ ᠠᠪᠤᠷᠠᠨ ᠲᠤᠰᠠᠯᠠᠬᠤ ᠬᠦᠴᠦᠨ ᠴᠠᠭ ᠲᠤᠬᠠᠶ ᠳᠤᠨᠢ ᠬᠦᠷᠴᠦ᠂ ᠭᠡᠨᠡᠳᠲᠡ ᠶᠢᠨ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ ᠦᠨᠡᠯᠡᠨ ᠵᠢᠱᠢᠬᠦ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠢᠯᠡᠷᠭᠡᠶᠢᠯᠡᠭᠰᠡᠨ ᠨᠢ᠂ ᠲᠣᠰ ᠤᠳᠠᠭᠠᠨ ᠤ ᠰᠣᠷᠢᠯᠲᠠ ᠶᠢᠨ ᠵᠣᠷᠢᠯᠭ᠎ᠠ ᠲᠣᠳᠣᠷᠬᠠᠶ᠂ ᠪᠡᠯᠡᠳᠬᠡᠯ ᠭᠦᠢᠴᠡᠳ᠂ ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ᠂ ᠪᠠᠶᠢᠷᠢᠯᠠᠭᠤᠯᠤᠯᠲᠠ ᠨᠠᠷᠢᠨ ᠨᠢᠭᠲᠠ ᠪᠠᠶᠢᠨ᠎ᠠ᠃ ᠰᠣᠷᠢᠯᠲᠠ ᠪᠠᠷ ᠳᠠᠮᠵᠢᠭᠤᠯᠤᠨ᠂ ᠭᠠᠵᠠᠷ ᠬᠥᠳᠡᠯᠦᠯᠲᠡ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠲᠥᠰᠦᠯ ᠤᠨ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ᠂ ᠣᠯᠠᠨ ᠰᠠᠯᠠᠭ᠎ᠠ ᠮᠥᠴᠢᠷ ᠤᠨ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号