ᠮᠠᠨ ᠤ ᠬᠤᠲᠠ ᠶᠢᠨ 2024 ᠣᠨ ᠤ ᠪᠥᠬᠦ ᠠᠷᠠᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ 2024 ᠣᠨ ᠤ ᠪᠥᠬᠦ ᠠᠷᠠᠳ ᠤᠨ  ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠣᠷᠣᠯᠴᠠᠪᠠ᠃      ᠲᠤᠰ ᠬᠤᠭᠤᠴᠠᠭᠠᠨ ᠤ ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ ᠨᠢ ︽ᠳ᠋ᠢᠵᠢᠲ᠋ᠠᠯ ᠢᠶᠠᠷ ᠡᠨᠧᠷᠭᠢ ᠣᠯᠭᠤᠵᠤ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠶ᠎ᠡ︾ ᠭᠡᠬᠦ ᠪᠠᠷ ᠭᠤᠣᠯ ᠰᠡᠳᠦᠪ ᠪᠣᠯᠭᠠᠵᠤ᠂ ᠬᠥᠮᠦᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠨᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠦᠢᠯᠡᠴᠢᠯᠡᠬᠦ᠂ ᠪᠦᠬᠦ ᠠᠷᠠᠳ ᠢᠶᠠᠷ ᠢᠶᠠᠨ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠳ᠋ᠢᠵᠢᠲ᠋ᠠᠯ ᠤᠨ ᠬᠥᠮᠦᠵᠢᠯ ᠪᠣᠯᠪᠠᠰᠤᠷᠠᠯ ᠢᠶᠠᠨ ᠦᠷᠭᠦᠯᠵᠢᠯᠡᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠠᠩᠭᠠᠯᠭ᠎ᠠ ᠪᠠᠨ ᠰᠢᠯᠢᠳᠡᠭᠵᠢᠭᠦᠯᠵᠦ᠂ ᠳ᠋ᠢᠵᠢᠲ᠋ᠠᠯ ᠤᠨ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠵᠤ᠂ ᠳ᠋ᠢᠵᠢᠲ᠋ᠠᠯ ᠤᠨ ᠣᠷᠴᠢᠨ ᠲᠣᠭᠤᠷᠢᠨ ᠤ ᠪᠠᠲᠤᠯᠠᠭ᠎ᠠ ᠪᠠᠨ ᠲᠡᠭᠦᠯᠳᠡᠷᠵᠢᠭᠦᠯᠬᠦ ᠪᠣᠯᠤᠨ᠎ᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠯᠪᠤᠭᠳᠠᠯ ᠪᠥᠬᠦᠶ ᠬᠥᠮᠦᠰ ᠪᠥᠬᠦ ᠬᠤᠲᠠ ᠶᠢᠨ ᠪᠥᠬᠦ ᠠᠷᠠᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠠᠵᠢᠯ ᠤᠨ ᠪᠠᠶᠢᠳᠠᠯ ᠪᠠ ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ ᠶᠢᠨ ᠲᠣᠬᠢᠷᠠᠭᠤᠯᠤᠯᠲᠠ᠂ ᠪᠥᠬᠦ ᠠᠷᠠᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ  ᠢᠶᠠᠨ ᠲᠠᠨᠢᠯᠴᠠᠭᠤᠯᠵᠤ᠂ ᠦᠬᠠᠶ ᠶᠢᠨ ᠴᠠᠬᠢᠯᠭᠠᠨ ᠬᠠᠩᠭᠠᠬᠤ ᠺᠣᠮᠫᠠᠨᠢ ᠳᠤ ︽ᠦᠬᠠᠶ ᠬᠤᠲᠠ ᠶᠢᠨ ᠪᠥᠬᠦ ᠠᠷᠠᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ︾ ᠤᠨ ᠫᠠᠶᠢᠰᠠ ᠣᠯᠭᠤᠪᠠ᠃      ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠪᠠᠰᠠ ᠠᠩᠬᠠᠳᠤᠭᠠᠷ ᠬᠤᠭᠤᠴᠠᠭᠠᠨ ᠤ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ᠂ ᠪᠠᠭᠰᠢ ᠰᠤᠷᠤᠭᠴᠢᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠬᠢᠭᠡᠳ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠬᠦ ᠠᠵᠢᠯᠯᠠᠭ᠎ᠠ᠂ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠵᠡᠷᠭᠡ ᠠᠵᠢᠯᠯᠠᠭ᠎ᠠ ᠶᠢ ᠡᠷᠭᠢᠯᠡᠵᠦ᠂ ᠪᠥᠬᠦ ᠠᠷᠠᠳ ᠢᠶᠠᠷ ᠢᠶᠠᠨ ᠠᠩᠬᠠᠷᠬᠤ ᠶᠢᠨ ᠬᠠᠮᠲᠤ ᠳ᠋ᠢᠵᠢᠲ᠋ᠠᠯ ᠤᠨ ᠬᠡᠪ ᠪᠣᠯᠪᠠᠰᠤᠷᠠᠯ ᠪᠠ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠳᠤ ᠢᠳᠡᠪᠬᠢᠲᠡᠶ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠪᠣᠶ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ  ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠭᠤᠷᠢ ᠪᠠᠨ ᠪᠠᠬᠢᠵᠢᠭᠦᠯᠵᠦ᠂ ᠪᠥᠬᠦ ᠠᠷᠠᠳ ᠤᠨ ᠳ᠋ᠢᠵᠢᠲ᠋ᠠᠯ ᠤᠨ ᠬᠡᠪ ᠪᠣᠯᠪᠠᠰᠤᠷᠠᠯ ᠪᠠ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号