ᠼᠦᠢ ᠵᠢᠩ ᠶᠢᠩ ᠰᠥᠨᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 31 ᠤ ᠡᠳᠦᠷ ᠤᠨ ᠤᠷᠤᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ᠂ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠼᠦᠢ ᠵᠢᠩ ᠶᠢᠩ ᠨᠡᠷ ᠤᠷᠢᠳ ᠬᠤᠵᠢᠳ ᠰᠥᠨᠢ ᠦᠭᠡᠢ ᠬᠤᠳᠠ ᠶᠢᠨ ᠲᠦᠷᠦᠯ ᠵᠦᠢᠯ᠂ ᠰᠢᠨ ᠶᠠᠩ ᠱᠢ ᠳ᠋ᠠᠢ ᠠᠭᠤᠳᠠᠮ ᠲᠠᠯᠠᠪᠠᠢ᠂ ᠸᠠᠨ ᠳ᠋ᠠ ᠶᠢᠨ ᠠᠯᠳᠠᠨ ᠵᠡᠭᠡᠯᠢ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ᠂ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠳᠠᠯᠳᠤᠭᠠᠨ ᠤ ᠡᠷᠦᠬᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠢᠷᠤᠮᠵᠢᠯ ᠲᠠᠢ ᠡᠵᠡᠩᠨᠡᠵᠤ᠂ ᠶᠠᠰᠤ ᠴᠢᠨᠠᠷ ᠢᠶᠠᠷ ᠬᠥᠮᠦᠰ ᠤᠨ ᠬᠦᠷᠢᠶᠡᠯᠡᠯ ᠢ ᠣᠯᠵᠤ᠂ ᠦᠢᠯᠡᠴᠢᠯᠡᠭᠡ ᠪᠠᠷ ᠢᠶᠠᠨ ᠨᠡᠷ᠎ᠡ ᠠᠰᠢᠭ ᠬᠦᠷᠳᠡᠵᠦ᠂ ᠬᠤᠳᠠᠯᠳᠤᠭᠠᠨ ᠤ ᠦᠢᠯᠡᠰ ᠢ ᠬᠥᠭᠵᠢᠭᠡᠵᠦ᠂ ᠬᠡᠷᠡᠭᠯᠡᠭᠡ ᠶᠢ ᠬᠥᠭᠵᠢᠭᠡᠬᠦ ᠶᠢ ᠵᠣᠷᠢᠭᠵᠢᠭᠤᠯᠪᠠ᠃      ᠼᠦᠢ ᠵᠢᠩ ᠶᠢᠩ ᠬᠡᠯᠡᠭᠰᠡᠨ ᠨᠢ᠂ ᠰᠥᠨᠢ ᠶᠢᠨ ᠠᠵᠤ ᠠᠬᠤᠶ ᠪᠣᠯ ᠬᠤᠲᠠ ᠶᠢᠨ ᠠᠵᠤ ᠠᠬᠤᠶ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠥᠨᠢ ᠶᠢᠨ ᠠᠵᠤ ᠠᠬᠤᠶ ᠶᠢᠨ ᠦᠵᠦ ᠲᠥᠯᠥᠪᠯᠡᠭᠡ ᠪᠠᠨ ᠴᠢᠩᠭᠠᠳᠬᠠᠵᠤ᠂ ᠤᠯᠠᠮᠵᠢᠯᠠᠯᠲᠤ ᠬᠤᠳᠠᠯᠳᠤᠭ᠎ᠠ ᠪᠠ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡᠳᠦᠯᠲᠡᠶ ᠲᠥᠯᠥᠪᠯᠡᠨ᠂ ᠬᠡᠷᠡᠭᠯᠡᠭᠡᠨ ᠤ ᠰᠢᠨ᠎ᠡ ᠪᠠᠶᠢᠳᠠᠯ᠂ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠷᠣᠨ ᠨᠤᠲᠤᠭ ᠤᠨ ᠣᠨᠴᠠᠯᠢᠭ ᠲᠤ ᠭᠦᠢᠴᠡᠳ ᠠᠭᠤᠰᠤᠯᠴᠠᠨ᠂ ᠬᠠᠭᠤᠴᠢᠨ ᠨᠡᠷᠡᠳᠤ ᠲᠡᠮᠳᠡᠭ᠂ ᠤᠨᠴᠠᠯᠢᠬᠳᠤ ᠲᠦᠷᠦᠯ ᠲᠡᠮᠳᠡᠭ ᠪᠠ ᠨᠡᠷᠡᠳᠦ ᠲᠦᠷᠦᠯ ᠲᠡᠮᠳᠡᠭ ᠢ ᠬᠦᠳᠦᠯᠦᠨ ᠵᠢᠯᠣᠭᠤᠳᠴᠤ ᠪᠠᠶᠢᠭᠠᠳ ᠤᠯᠠᠨ ᠬᠡᠯᠪᠡᠷᠢ ᠶᠢᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠬᠤᠳᠠ ᠶᠢᠨ ᠠᠷᠠᠳ ᠤᠨ ᠴᠢᠨᠠᠷ ᠰᠠᠶᠢᠲᠠᠢ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠭᠠᠳᠠᠭᠰᠢ ᠳᠡᠯᠭᠡᠭᠰᠡᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠪᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠡᠶᠢᠯᠡᠯ᠂ ᠣᠨᠴᠠᠯᠢᠭ ᠢᠯᠡ ᠲᠣᠳᠣ᠂ ᠨᠥᠯᠥᠭᠡᠯᠡᠬᠦ ᠬᠦᠴᠦᠨ ᠳᠠᠶᠢᠴᠢᠯᠠᠬᠤ ᠬᠦᠴᠦᠨ ᠲᠠᠢ ᠰᠥᠨᠢ ᠶᠢᠨ ᠠᠵᠤ ᠠᠬᠤᠶ ᠶᠢᠨ  ᠲᠥᠪᠯᠡᠷᠡᠯ ᠤᠨ ᠣᠷᠣᠨ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠣᠶ ᠪᠣᠯᠭᠠᠬᠤ ᠬᠡᠷᠡᠭᠲᠡᠶ᠃ ᠰᠥᠨᠢ ᠶᠢᠨ ᠵᠠᠬ᠎ᠠ ᠳᠡᠯᠭᠡᠭᠦᠷ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠪᠠᠶᠢᠷᠢᠯᠠᠭᠤᠯᠵᠤ᠂ ᠰᠥᠨᠢ ᠶᠢᠨ ᠵᠠᠬ᠎ᠠ ᠳᠡᠯᠭᠡᠭᠦᠷ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠴᠢᠩᠭᠠᠷᠠᠭᠤᠯᠤᠨ᠂ ᠰᠣᠳᠣᠨ ᠪᠦᠲᠦᠭᠡᠯ ᠤᠨ ᠦᠵᠡᠯ ᠤᠬᠠᠮᠰᠠᠷ ᠪᠠ ᠨᠠᠷᠠᠲᠤ ᠲᠡᠮᠳᠡᠭᠲᠦ ᠶᠢᠨ ᠦᠵᠡᠯ ᠤᠬᠠᠮᠰᠠᠷ ᠢ ᠪᠣᠶ ᠪᠣᠯᠭᠠᠵᠤ᠂ ᠬᠡᠷᠡᠭᠯᠡᠭᠴᠢᠳ ᠲᠤ ᠲᠠᠭᠠᠯᠠᠮᠵᠢᠲᠠᠶ ᠡᠮᠬᠢ ᠵᠢᠷᠤᠮ ᠲᠠᠢ ᠰᠡᠯᠡᠭᠦᠴᠡᠯ ᠤᠨ ᠣᠷᠣᠨ ᠵᠠᠶ ᠬᠠᠩᠭᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠬᠤᠲᠠ ᠶᠢᠨ ᠠᠷᠠᠳ᠂ ᠵᠤᠭᠠᠴᠠᠭᠰᠠᠳ ᠲᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ ᠥᠭᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号