ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠯᠢ ᠳ᠋ᠦᠩ᠂ ᠭᠧᠩ ᠬᠠᠶ ᠵᠢᠶᠦ᠋ᠨ᠂ ᠭᠦᠸᠧ ᠢ ᠵᠢᠶᠧ᠂ ᠸᠠᠩ ᠵᠢᠶ ᠫᠢᠩ᠂ ᠵᠠᠩ ᠮᠢᠩ ᠮᠢᠩ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠭᠠᠵᠠᠷ ᠵᠦᠢ ᠶᠢᠨ ᠣᠷᠣᠨ ᠪᠠᠶᠢᠷᠢ᠂ ᠠᠵᠤ ᠦᠢᠯᠡᠰ ᠤᠨ ᠰᠠᠭᠤᠷᠢ ᠳᠠᠪᠠᠭᠤᠯᠢᠭ ᠢᠶᠠᠨ ᠪᠠᠳᠠᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠣᠭᠤᠷᠢᠨ ᠳᠤ ᠬᠦᠴᠦᠨ ᠢᠶᠠᠨ ᠲᠥᠪᠯᠡᠷᠡᠭᠦᠯᠦᠨ ᠠᠳᠬᠤᠵᠤ᠂ ᠪᠦᠷᠢᠳᠬᠡᠯ ᠳᠤ ᠣᠷᠣᠭᠤᠯᠤᠨ ᠪᠦᠬᠦ ᠲᠠᠯ᠎ᠠ ᠪᠠᠷ ᠠᠳᠬᠤᠵᠤ᠂ ᠡᠵᠡᠩᠨᠡᠯᠲᠡ ᠶᠢᠨ ᠬᠡᠯᠪᠡᠷᠢ ᠶᠢᠨ ᠲᠣᠭᠤᠷᠢᠨ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠵᠤ᠂ ᠤᠷᠳᠤ ᠬᠤᠭᠤᠴᠠᠭ᠎ᠠ ᠪᠠᠷ ᠬᠦᠴᠦ ᠣᠷᠣᠭᠤᠯᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠠᠳᠠᠭᠠᠳᠤ ᠲᠠᠢ ᠬᠤᠯᠪᠣᠭᠠᠯᠠᠵᠤ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠤᠨ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠶᠡᠭᠡ ᠬᠡᠮᠵᠢᠶᠡᠨ ᠤ ᠲᠠᠸᠠᠷ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠥᠬᠦ ᠬᠦᠴᠦᠨ ᠢᠶᠠᠷ ᠢᠶᠠᠨ ᠪᠣᠶ ᠪᠤᠯᠭᠠᠬᠤ ᠬᠡᠷᠡᠭᠳᠡᠢ᠃ ᠦᠬᠠᠶ ᠳᠤ ᠰᠠᠭᠤᠷᠢᠯᠠᠨ᠂ ᠡᠷᠭᠢᠨ ᠲᠣᠭᠤᠷᠢᠨ ᠢ ᠬᠠᠮᠤᠷᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠦᠢᠯᠡᠳᠬᠦᠨ ᠤ ᠬᠠᠩᠭᠠᠯᠭ᠎ᠠ ᠪᠠᠨ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ᠃ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ ︽ᠳᠤᠮᠳᠠᠳᠤ ᠤᠯᠤᠰ ᠤᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠭᠠᠵᠠᠷ︾ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠵᠢᠭᠤᠯᠴᠢᠯᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠪᠥᠬᠦ ᠬᠦᠴᠦᠨ ᠢᠶᠠᠷ ᠢᠶᠠᠨ ᠬᠥᠭᠵᠢᠭᠡᠬᠦ ᠬᠡᠷᠡᠭᠳᠡᠢ᠃ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠨ ᠤ ᠠᠮᠢ ᠠᠬᠤᠶ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠬᠡᠷᠡᠭᠯᠡᠭᠡ ᠶᠢᠨ ᠲᠠᠰ ᠳᠡᠪᠰᠢᠬᠦ ᠶᠢ ᠳᠠᠶᠢᠴᠢᠯᠠᠬᠤ ᠬᠡᠷᠡᠭᠳᠡᠢ᠃ ᠭᠤᠷᠪᠠᠳᠤᠭᠠᠷ ᠠᠵᠤ ᠦᠢᠯᠡᠰ ᠤᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠴᠢᠩᠭ᠎ᠠ ᠠᠩᠬᠠᠷᠴᠤ᠂ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠬᠡᠪᠴᠢᠶᠡᠵᠢᠯ ᠠᠴᠠ ᠳᠣᠷᠣᠭᠰᠢᠬᠢ ᠳᠤᠮᠳᠠ ᠵᠢᠵᠢᠭ ᠪᠢᠴᠢᠯ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ︽ᠲᠡᠰ ᠳᠡᠪᠰᠢᠭᠦᠯᠦᠨ ᠨᠢᠭᠡᠳᠦᠯᠲᠡᠢ ᠬᠠᠮᠢᠶᠠᠷᠬᠤ︾ ᠶᠢ ᠠᠬᠢᠭᠤᠯᠬᠤ ᠬᠡᠷᠡᠭᠳᠡᠢ᠃ ᠦᠢᠯᠡᠴᠢᠯᠡᠭᠡᠨ ᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ ᠢ ᠲᠦᠷᠭᠡᠳᠬᠡᠨ ᠪᠣᠶ ᠪᠣᠯᠭᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠯ ᠲᠡᠮᠳᠡᠭ ᠤᠨ ᠤᠬᠠᠮᠰᠠᠷ ᠢᠶᠠᠨ ᠴᠢᠩᠭᠠᠳᠬᠠᠵᠤ᠂ ᠲᠦᠷᠦᠯ ᠲᠡᠮᠳᠡᠭ ᠢ ᠡᠭᠦᠳᠦᠨ ᠪᠠᠶᠢᠭᠤᠯᠬᠤ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠲᠦᠷᠦᠯ ᠲᠡᠮᠳᠡᠭ ᠤᠨ ᠢᠷᠠᠭᠤ ᠠᠯᠳᠠᠷ ᠤᠨ ᠬᠡᠮᠵᠢᠶ᠎ᠡ᠂ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠵᠦ᠂ ᠲᠦᠷᠦᠯ ᠲᠡᠮᠳᠡᠭ ᠤᠨ ᠬᠡᠷᠡᠭᠯᠡᠭᠡ ᠪᠠᠨ ᠲᠠᠰᠤᠷᠠᠯᠲᠠ ᠦᠭᠡᠢ ᠥᠷᠭᠡᠳᠬᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠤᠤᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠡᠯ᠎ᠡ ᠠᠵᠢᠯ ᠲᠥᠷᠥᠯ ᠤᠨ ᠠᠵᠤ ᠦᠢᠯᠡᠰ ᠤᠨ ᠰᠠᠭᠤᠷᠢ ᠪᠠ ᠣᠨᠴᠠᠯᠢᠭ ᠢᠶᠠᠨ ᠭᠦᠨᠵᠡᠭᠡᠶ ᠵᠠᠳᠠᠯᠵᠤ᠂ ︽ᠦᠬᠠᠶ ᠶᠢᠨ ᠦᠵᠦᠮ︾ ᠵᠡᠷᠭᠡ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ᠂ BDO ᠵᠢᠴᠢ ᠳᠣᠤᠷᠠᠳᠤ ᠤᠷᠤᠰᠬᠠᠯ ᠤᠨ ᠦᠢᠯᠡᠳᠬᠦᠨ ᠵᠡᠷᠭᠡ ᠠᠵᠤ ᠦᠢᠯᠡᠳᠪᠦᠷᠢ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠵᠦ᠂ ︽ᠡᠯᠡᠰᠦ ᠴᠦᠯ ᠳᠤ ᠮᠤᠷᠢᠯᠠᠨ ᠲᠡᠯᠡᠶ ᠶᠢ ᠦᠵᠡᠨᠡᠮ· ᠳᠤᠮᠳᠠᠳᠤ ᠤᠯᠤᠰ ᠤᠨ ᠦᠬᠠᠶ︾ ᠵᠡᠷᠭᠡ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ᠂ ᠨᠢᠭᠡ ᠪᠦᠯᠦᠭ ᠢᠳᠡᠭᠡᠨ ᠤᠮᠳᠠᠭᠠᠨ ᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠤᠶᠢᠵᠢᠭᠤᠯᠵᠤ᠂ ᠴᠢᠨᠠᠷ ᠰᠠᠶᠢᠲᠠᠶ ᠨᠠᠷᠠᠲᠤ ᠲᠥᠷᠥᠯ ᠲᠡᠮᠳᠡᠭᠲᠦ ᠪᠠᠷ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠨᠢᠭᠡ ᠪᠦᠯᠦᠭ ᠠᠯᠳᠠᠷᠲᠠᠶ ᠨᠠᠷᠠᠲᠤ ᠲᠥᠷᠥᠯ ᠲᠡᠮᠳᠡᠭᠲᠦ ᠶᠢ ᠲᠡᠳᠬᠦᠵᠦ᠂ ᠲᠥᠷᠥᠯ ᠲᠡᠮᠳᠡᠭᠲᠦ ᠶᠢᠨ ᠲᠥᠪᠯᠡᠷᠡᠯ ᠤᠨ ᠦᠢᠯᠡᠳᠦᠯ᠂ ᠣᠷᠣᠨ ᠪᠦᠰᠡ ᠶᠢᠨ ᠦᠢᠯᠡᠳᠦᠯ ᠢ ᠪᠣᠶ ᠪᠣᠯᠭᠠᠬᠤ ᠶᠢ ᠠᠬᠢᠭᠤᠯᠵᠤ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ᠂ ᠥᠷᠢᠰᠥᠯᠳᠦᠭᠡᠨ ᠤ ᠠᠮᠢᠵᠢᠷᠠᠯ ᠤᠨ ᠬᠦᠴᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠢᠴᠡᠳ ᠬᠥᠭᠵᠢᠭᠡᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠲᠠᠪᠤᠨ ᠶᠡᠭᠡ ᠡᠭᠦᠷᠭᠡ ᠶᠢ ᠬᠢᠨᠠᠨ ᠰᠢᠯᠭᠠᠬᠤ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠢ ᠲᠤᠬᠢᠷᠠᠭᠤᠯᠤᠨ ᠵᠠᠳᠠᠯᠬᠤ  ᠪᠠᠨ ᠴᠢᠩᠭᠠᠳᠬᠠᠵᠤ᠂ ᠪᠡᠯᠡ ᠣᠷᠣᠭᠤᠯᠤᠯᠲᠠ ᠶᠢ ᠪᠠᠬᠢᠵᠢᠭᠦᠯᠬᠦ᠂ ᠨᠡᠶᠢᠭᠡᠮ ᠤᠨ ᠵᠢᠵᠢᠭᠯᠡᠨ ᠬᠤᠳᠠᠯᠳᠣᠭᠰᠠᠨ ᠲᠤᠭ᠎ᠠ ᠵᠡᠷᠭᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ︽ᠭᠤᠷᠪᠠ ᠶᠢ ᠨᠡᠶᠢᠳᠬᠡᠬᠦ︾᠂ ᠲᠠᠪᠤᠳᠤᠭᠠᠷ ᠣᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号