ᠲᠠᠩ ᠢ ᠪᠦᠯᠬᠦᠮ ᠳᠠᠭᠠᠭᠤᠯᠤᠨ ᠭᠠᠨᠰᠦ᠂ ᠱᠠᠨ ᠰᠢ ᠳᠤ ᠬᠦᠷᠴᠦ ᠠᠵᠤ ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠵᠢᠴᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠭᠠᠨᠰᠦ ᠮᠤᠵᠢ ᠶᠢᠨ ᠯᠠᠨᠵᠸᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠸᠤ ᠶᠢᠨ ᠬᠢᠮᠢ ᠹᠢᠽᠢᠺ ᠤᠨ ᠰᠤᠳᠤᠯᠭᠠᠨ ᠤ ᠭᠠᠵᠠᠷ᠂ ᠱᠠᠨ ᠰᠢ ᠮᠤᠵᠢ ᠶᠢᠨ ᠶᠦᠨ ᠴᠧᠩ ᠬᠤᠲᠠ ᠶᠢᠨ ᠱᠠᠨ ᠰᠢ ᠶᠢᠨ ᠶᠠᠩ ᠭᠤᠸᠠᠩ ᠬᠡᠦᠷᠰᠢᠭᠦᠯᠬᠦ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ᠂ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠵᠣᠯᠭᠠᠭᠤᠯᠪᠠ᠃ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠤᠤ ᠣᠷᠣᠯᠴᠠᠪᠡ᠃

     ᠯᠠᠨᠵᠸᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠸᠤ ᠶᠢᠨ

ᠬᠢᠮᠢ ᠹᠢᠽᠢᠺ ᠤᠨ ᠰᠤᠳᠤᠯᠭᠠᠨ ᠤ ᠭᠠᠵᠠᠷ ᠲᠤ᠂ ᠲᠠᠩ ᠢ ᠨᠡᠷ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ

ᠣᠨᠴᠠᠭᠠᠶᠢᠯᠠᠨ BDO ᠠᠵᠤ ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠵᠢᠴᠢ ᠴᠢᠳᠠᠪᠤᠷᠢᠲᠠᠨ ᠤ

ᠡᠩᠨᠡᠭᠡ ᠶᠢᠨ ᠪᠠᠶᠢᠭᠤᠯᠤᠯᠲᠠ ᠶᠢᠨ ᠲᠣᠭᠤᠷᠢᠨ ᠳᠤ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ᠂ ᠰᠤᠳᠤᠯᠭᠠᠨ ᠤ

ᠭᠠᠵᠠᠷ ᠤᠨ ᠨᠠᠮ ᠤᠨ ᠬᠤᠷᠢᠶᠠᠨ ᠤ ᠱᠦᠵᠢ ᠸᠠᠩ ᠴᠢ ᠬᠤᠸᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂

ᠬᠠᠮᠲᠤᠷᠠᠯᠴᠠᠬᠤ ᠲᠤᠬᠠᠢ ᠵᠥᠪᠳᠡᠯᠴᠡᠪᠡ᠃ ᠲᠠᠩ ᠢ ᠮᠠᠨ ᠤ ᠬᠤᠲᠠ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ

ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ

ᠵᠢᠯ ᠠᠴᠠ ᠨᠠᠰᠢ᠂ ᠦᠬᠠᠢ ᠬᠤᠳᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ

ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ

ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠡᠰ

ᠭᠤᠶᠢᠪᠢᠰᠢ ᠦᠭᠡᠢ ᠠᠬᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ

ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ BDO ᠠᠵᠤ ᠦᠢᠯᠡᠰ ᠤᠨ ᠮᠡᠷᠭᠡᠵᠢᠯ ᠤᠨ

ᠰᠢᠨ᠎ᠡ ᠶᠢ ᠡᠭᠦᠳᠬᠦ ᠲᠥᠪ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠣᠳᠣᠬᠠᠨ ᠳᠤ ᠨᠢᠭᠡᠨᠲᠡ ᠪᠠᠶᠢᠭᠤᠯᠤᠭᠰᠠᠨ

ᠪᠠ ᠪᠠᠶᠢᠭᠤᠯᠵᠤ ᠪᠠᠶᠢᠭ᠎ᠠ BDO ᠦᠢᠯᠡᠳᠪᠦᠷᠢᠯᠡᠯ ᠤᠨ ᠴᠢᠳᠠᠪᠤᠷᠢ ᠶᠢ 160 ᠲᠦᠮᠡᠨ ᠲᠣᠨ ᠬᠦᠷᠭᠡᠵᠦ᠂ ᠪᠦᠬᠦ

ᠤᠯᠤᠰ ᠤᠨ ᠴᠢᠬᠤᠯᠠ ᠨᠥᠯᠥᠭᠡᠯᠡᠬᠦ ᠬᠦᠴᠦᠨ᠂ ᠦᠷᠢᠰᠦᠯᠳᠦᠬᠦ ᠬᠦᠴᠦᠨ ᠪᠣᠯᠤᠨ ᠦᠭᠡ ᠬᠡᠯᠡᠬᠦ ᠡᠷᠬᠡ ᠲᠠᠢ

ᠤᠨᠴᠠᠯᠢᠬᠳᠤ ᠠᠵᠤ ᠦᠢᠯᠡᠰ ᠤᠨ ᠪᠦᠯᠦᠭᠵᠢᠯ ᠨᠢᠭᠡᠨᠲᠡ ᠬᠠᠨᠳᠤᠰᠢ ᠲᠠᠢ ᠪᠣᠯᠵᠠᠢ᠃ ᠣᠳᠣᠬᠠᠨ ᠳᠤ᠂ ᠦᠬᠠᠢ

ᠬᠤᠳᠠ ᠶᠢᠨ ᠬᠢᠨ ᠢᠷᠡᠭᠡᠳᠦᠢ ᠶᠢᠨ BDO ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ

ᠤᠷᠠᠨ ᠲᠠᠷᠬᠠᠯᠠᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠠᠰᠠᠭᠤᠳᠠᠯ ᠢ ᠰᠢᠢᠳᠪᠦᠷᠢᠯᠡᠬᠦ ᠳᠤ

ᠠᠩᠬᠠᠷᠤᠯ ᠢᠶᠠᠨ ᠲᠥᠪᠯᠡᠷᠡᠭᠦᠯᠵᠦ᠂ BDO ᠠᠵᠤ ᠦᠢᠯᠡᠰ ᠢ ᠳᠤᠤᠷᠠᠳᠤ ᠤᠷᠤᠰᠬᠠᠯ ᠲᠡᠰᠢ ᠤᠷᠲᠤᠳᠬᠠᠬᠤ ᠶᠢ

ᠲᠠᠰᠤᠷᠠᠯᠲᠠ ᠦᠭᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠲᠡᠢ

ᠲᠤᠯᠭᠠᠭᠤᠷᠢᠯᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠯᠠᠨᠵᠧᠦ ᠶᠡᠭᠡ ᠰᠤᠷᠭᠠᠭᠤᠯᠢ᠂ ᠳᠤᠮᠳᠠᠳᠤ ᠤᠯᠤᠰ ᠤᠨ

ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠸᠤ ᠶᠢᠨ ᠬᠢᠮᠢ ᠹᠢᠽᠢᠺ ᠤᠨ ᠰᠤᠳᠤᠯᠭᠠᠨ ᠤ ᠭᠠᠵᠠᠷ ᠴᠢᠳᠠᠪᠤᠷᠢᠲᠠᠨ

ᠬᠥᠮᠦᠵᠢᠭᠦᠯᠬᠦ᠂ ᠮᠡᠷᠭᠡᠵᠢᠯ ᠰᠤᠳᠤᠯᠤᠨ ᠨᠡᠭᠡᠭᠡᠬᠦ ᠵᠡᠷᠭᠡ ᠲᠠᠯ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂

ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ

ᠬᠠᠮᠲᠤᠷᠠᠯᠴᠠᠭᠠᠨ ᠤ ᠵᠠᠭᠪᠤᠷ ᠢᠶᠠᠷ ᠦᠬᠠᠢ ᠳᠤ ᠨᠡᠩ ᠤᠯᠠᠨ ᠬᠠᠯᠠᠮᠵᠢᠯᠠᠯ ᠳᠡᠮᠵᠢᠯᠭᠡ ᠪᠠ ᠵᠢᠯᠤᠭᠤᠳᠤᠯᠭ᠎ᠠ

ᠬᠠᠪᠰᠤᠷᠤᠯᠭ᠎ᠠ ᠬᠠᠩᠭᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠴᠢᠳᠠᠪᠤᠷᠢᠲᠠᠨ ᠤ

ᠪᠦᠯᠬᠦᠮ᠂ ᠰᠢᠨ᠎ᠡ ᠶᠢ ᠡᠭᠦᠳᠬᠦ ᠡᠬᠢ ᠪᠠᠶᠠᠯᠢᠭ ᠪᠣᠯᠤᠨ ᠰᠢᠨ᠎ᠡ ᠶᠢ ᠡᠭᠦᠳᠬᠦ ᠲᠦᠷᠦᠯ ᠵᠦᠢᠯ ᠢ ᠮᠠᠨ ᠤ ᠬᠤᠳᠠ ᠳᠤ

ᠲᠥᠪᠯᠡᠷᠡᠭᠦᠯᠬᠦ ᠶᠢ ᠠᠬᠢᠭᠤᠯᠵᠤ᠂ ᠦᠬᠠᠢ ᠶᠢ ᠬᠠᠪᠰᠤᠷᠤᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ

ᠡᠭᠦᠳᠬᠦ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠣᠷᠣᠨ ᠨᠤᠲᠤᠭ ᠤᠨ

ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠲᠤᠰᠬᠠᠶ

ᠮᠡᠷᠭᠡᠵᠢᠯᠲᠡᠨ ᠡᠷᠳᠡᠮᠲᠡᠳ ᠰᠠᠨᠠᠯ ᠨᠢᠭᠡᠲᠡᠶ ᠢᠯᠡᠷᠭᠡᠶᠢᠯᠡᠭᠰᠡᠨ ᠨᠢ᠂ ᠦᠬᠠᠶ ᠬᠤᠲᠠ ᠶᠢᠨ BDO ᠠᠵᠤ ᠦᠢᠯᠡᠰ ᠢ

ᠬᠥᠭᠵᠢᠭᠦᠯᠬᠦ ᠠᠯᠤᠰ ᠬᠡᠲᠦ ᠶᠢᠨ ᠲᠥᠯᠥᠪ᠂ ᠢᠷᠡᠭᠡᠳᠦᠶ ᠶᠢᠨ ᠬᠤᠭᠤᠴᠠᠭᠠᠨ ᠳᠤ ᠦᠬᠠᠶ ᠯᠤᠭ᠎ᠠ ᠨᠡᠪᠲᠡᠷᠡᠯᠴᠡᠭᠡ

ᠰᠣᠯᠢᠯᠴᠠᠭ᠎ᠠ ᠪᠠᠨ ᠨᠢᠭᠲᠠᠷᠠᠭᠤᠯᠵᠤ᠂ ᠨᠠᠩ ᠣᠯᠠᠨ ᠬᠠᠮᠲᠤᠷᠠᠯᠴᠠᠭᠠᠨ ᠤ ᠨᠡᠶᠢᠯᠡᠯᠲᠡ ᠶᠢᠨ ᠴᠢᠭ ᠢ ᠢᠳᠡᠪᠬᠢᠲᠡᠶ

ᠡᠷᠢᠯᠬᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ

ᠠᠬᠢᠭᠤᠯᠵᠤ᠂ ᠨᠠᠩ ᠡᠯᠪᠡᠭ ᠪᠠᠶᠠᠯᠢᠭ ᠦᠷ᠎ᠡ ᠪᠦᠲᠦᠭᠡᠯ ᠣᠯᠤᠨ᠎ᠠ ᠬᠡᠵᠡᠢ᠃

     ᠱᠠᠨ ᠰᠢ ᠶᠢᠨ ᠶᠠᠩ ᠭᠤᠸᠠᠩ ᠬᠡᠦᠷᠰᠢᠭᠦᠯᠬᠦ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠳᠤ᠂ ᠲᠠᠩ ᠢ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠦᠢᠯᠡᠳᠬᠦᠨ ᠢ ᠰᠤᠳᠤᠯᠤᠨ ᠨᠡᠭᠡᠭᠡᠯᠳᠡ᠂

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠪᠠᠶᠢᠳᠠᠯ ᠢ ᠨᠢ

ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠫᠠᠨᠳᠧᠺᠰ ᠨᠡᠭᠦᠷᠡᠰᠦᠲᠥ᠋ᠷᠥᠭᠴᠢ ᠶᠢᠨ

ᠰᠠᠭᠤᠷᠢ ᠰᠢᠨ᠎ᠡ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ

ᠲᠦᠷᠭᠡᠳᠬᠡᠨ ᠠᠬᠢᠭᠤᠯᠵᠤ᠂ ᠳᠡᠭᠡᠳᠦ ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ

ᠪᠡᠶᠡᠯᠡᠭᠦᠯᠬᠦ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠡ᠃ ᠬᠤᠶᠠᠷ ᠲᠠᠯ᠎ᠠ ᠪᠠᠷ ᠢᠶᠠᠨ

ᠢᠯᠡᠷᠭᠡᠶᠢᠯᠡᠭᠰᠡᠨ ᠨᠢ᠂ ᠨᠢᠭᠲᠠ ᠨᠡᠪᠲᠡᠷᠡᠯᠴᠡᠨ ᠵᠣᠯᠭᠠᠭᠤᠯᠵᠤ᠂ ᠲᠦᠷᠦᠯ ᠵᠦᠢᠯ ᠤᠨ ᠡᠯ᠎ᠡ ᠵᠦᠢᠯ ᠤᠨ ᠡᠮᠦᠨᠡᠬᠢ

ᠬᠤᠭᠤᠴᠠᠭᠠᠨ ᠤ ᠠᠵᠢᠯ ᠢᠶᠠᠨ ᠱᠠᠯᠠᠪᠳᠠᠨ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠪᠠᠨ

ᠲᠦᠷᠭᠡᠳᠬᠡᠨ᠂ ᠲᠦᠷᠦᠯ ᠵᠦᠢᠯ ᠤᠨ ᠡᠷᠲᠡ ᠠᠵᠢᠯ ᠡᠬᠢᠯᠡᠵᠦ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ

ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号