ᠪᠥᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/4
     5 ᠰᠠᠷ᠎ᠠ ᠶᠢᠨ 31 ᠤ ᠡᠳᠦᠷ᠂ ᠮᠠᠨ ᠤ ᠬᠤᠲᠠ ᠠᠩᠬᠠᠳᠤᠭᠠᠷ ᠬᠤᠭᠤᠴᠠᠭᠠᠨ ᠤ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠤᠷᠤᠯᠳᠤᠭᠠᠨ ᠡᠷᠭᠢᠯᠡᠵᠦ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ 38 ᠡᠩᠨᠡᠭᠡ ᠶᠢᠨ 120 ᠭᠠᠷᠤᠶ ᠣᠷᠣᠯᠴᠠᠭᠰᠠᠳ ᠬᠤᠷᠴᠠ ᠰᠢᠷᠦᠭᠦᠨ ᠥᠷᠢᠰᠥᠯᠳᠦᠭᠡᠨ ᠥᠷᠨᠢᠭᠦᠯᠵᠦ᠂ ᠦᠬᠠᠶ ᠶᠢᠨ ᠯᠠᠩ ᠴᠤᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠬᠠᠮᠲᠤ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠰᠢᠤᠢ ᠳ᠋ᠦᠩ ᠬᠤᠪᠢ ᠬᠥᠮᠦᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠤᠪᠢ ᠬᠥᠮᠦᠨ ᠤ ᠤᠷᠤᠯᠳᠤᠭᠠᠨ ᠤ ᠡᠮᠦᠨᠡᠬᠢ 3 ᠨᠡᠷᠡᠰ ᠲᠤ ︽ᠪᠥᠬᠦ ᠬᠤᠲᠠ ᠶᠢᠨ ᠮᠡᠷᠭᠡᠵᠢᠯ ᠤᠨ ᠴᠢᠳᠠᠪᠤᠷᠢᠲᠠᠨ︾ ᠤ ᠢᠷᠠᠭᠤ ᠠᠯᠳᠠᠷ ᠤᠨ ᠴᠣᠯᠠ ᠣᠯᠭᠤᠪᠠ᠃      ᠲᠣᠰ ᠤᠳᠠᠭᠠᠨ ᠤ ᠤᠷᠤᠯᠳᠤᠭᠠᠨ ᠨᠢ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠬᠡᠷᠡᠭᠯᠡᠯᠲᠡ ᠶᠢ ᠠᠬᠢᠭᠤᠯᠬᠤ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠤᠷᠤᠯᠳᠤᠭᠠᠨ ᠤ ᠠᠮᠤᠷ ᠲᠦᠪᠰᠢᠨ ᠤ ᠴᠢᠳᠠᠪᠤᠷᠢᠲᠠᠨ ᠢ ᠬᠥᠮᠦᠵᠢᠭᠦᠯᠬᠦ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠲᠠᠯ᠎ᠠ ᠪᠠᠷ ᠬᠢ ᠢᠳᠡᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢᠳᠠᠨ ᠢ ᠢᠯᠡᠷᠡᠭᠦᠯᠦᠨ ᠬᠥᠮᠦᠵᠢᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠭᠤᠷᠢ ᠶᠢ ᠪᠠᠬᠢᠵᠢᠭᠦᠯᠵᠦ᠂ ᠪᠥᠬᠦ ᠠᠷᠠᠳ ᠤᠨ ᠳ᠋ᠦᠵᠢᠲ᠋ᠠᠯ ᠤᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号