ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠤᠷᠠᠯᠳᠣᠭᠤᠯᠣᠭᠰᠠᠨ ᠪᠥᠭᠡᠳ ᠦᠨᠳᠦᠰᠦᠨ ᠱᠠᠲᠤᠨ ᠳᠤ ᠱᠠᠩᠨᠠᠯ ᠬᠦᠷᠭᠡᠪᠡ
ᠨᠡᠶᠢᠲᠡᠯᠡᠭᠰᠡᠨ ᠴᠠᠭ᠄
2024/6/4
     5 ᠰᠠᠷ᠎ᠠ ᠶᠢᠨ 31 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠹᠠᠩ ᠨᠠᠷ ᠮᠠᠨ ᠤ ᠬᠤᠲᠠ ᠳᠤ ᠢᠷᠡᠵᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠤᠷᠠᠯᠳᠣᠭᠤᠯᠣᠭᠰᠠᠨ ᠪᠥᠭᠡᠳ ᠦᠨᠳᠦᠰᠦᠨ ᠱᠠᠲᠤᠨ ᠳᠤ ᠱᠠᠩᠨᠠᠯ ᠬᠦᠷᠭᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠣᠷᠣᠯᠴᠠᠪᠡ᠃      ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠬᠢᠨ ᠦᠨᠳᠦᠰᠦᠨ ᠱᠠᠲᠤᠨ ᠳᠤ ᠱᠠᠩᠨᠠᠯ ᠬᠦᠷᠭᠡᠵᠦ᠂ ᠸᠠᠩ ᠹᠠᠩ ᠪᠣᠯᠤᠨ ᠮᠧᠩ ᠫᠸᠢ ᠶᠦᠨ ᠮᠠᠨ ᠤ ᠬᠤᠲᠠ ᠶᠢᠨ ︽ᠪᠥᠬᠦ ᠤᠯᠤᠰ ᠤᠨ ︿3·8﹀ ᠤ ᠤᠯᠠᠭᠠᠨ ᠲᠤᠭᠴᠢ︾ ᠶᠢᠨ ᠢᠷᠠᠭᠤ ᠠᠯᠳᠠᠷ ᠭᠥᠷᠳᠡᠭᠰᠡᠨ ᠲᠡᠷᠢᠭᠦᠨ ᠤ ᠡᠮᠡᠭᠲᠡᠶᠢᠴᠦᠳ ᠤᠨ ᠨᠡᠶᠢᠲᠡᠯᠢᠭ ᠵᠢᠱᠢᠶ᠎ᠡ ᠵᠠᠩ ᠵᠢᠶ ᠫᠢᠩ ᠳᠤ ᠱᠠᠩᠨᠠᠯ ᠤᠨ ᠲᠡᠮᠳᠡᠭ ᠪᠠ ᠦᠨᠡᠮᠯᠡᠯ ᠣᠯᠭᠤᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ᠂ ᠰᠢᠶᠦ᠋ᠨ ᠵᠢᠶᠧ ᠬᠡᠷ ᠠᠬᠤᠢ ᠶᠢᠨ ᠦᠢᠯᠡᠴᠢᠯᠡᠭᠡᠨ ᠤ ᠺᠣᠮᠫᠠᠨᠢ ᠪᠣᠯᠤᠨ ᠪᠣᠯᠪᠠᠰᠤᠷᠠᠯ ᠤᠨ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠦ᠂ ᠮᠠᠨ ᠤ ᠬᠤᠲᠠ ᠶᠢᠨ ᠡᠮᠡᠭᠲᠡᠶᠢᠴᠦᠳ ᠤᠨ ᠠᠵᠢᠯ ᠤᠨ ᠪᠠᠶᠢᠷᠢ ᠳᠠᠭᠠᠨ ᠭᠠᠪᠢᠶ᠎ᠠ ᠪᠠᠶᠢᠭᠤᠯᠬᠤ᠂ ᠡᠮᠡᠭᠲᠡᠶ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ᠂ ᠡᠮᠡᠭᠲᠡᠶᠢᠴᠦᠳ ᠢ ᠳᠠᠶᠢᠴᠢᠯᠠᠨ ᠠᠵᠢᠯ ᠣᠯᠭᠤᠬᠤ᠂ ᠡᠮᠡᠭᠲᠡᠶᠢᠴᠦᠳ ᠤᠨ ᠬᠡᠷ ᠠᠬᠤᠶ ᠶᠢᠨ ᠦᠢᠯᠡᠴᠢᠯᠡᠭᠡ᠂ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠡᠮᠡᠭᠲᠡᠶᠢᠴᠦᠳ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠵᠡᠷᠭᠡ ᠠᠵᠢᠯ ᠤᠨ ᠪᠠᠶᠢᠳᠠᠯ  ᠤᠨ ᠲᠤᠬᠠᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠡᠯ᠎ᠡ ᠠᠵᠢᠯ ᠲᠥᠷᠥᠯ᠂ ᠡᠯ᠎ᠡ ᠬᠦᠷᠢᠶᠡᠨ ᠤ ᠡᠮᠡᠭᠲᠡᠶᠢᠴᠦᠳ ᠤᠨ ᠲᠥᠯᠥᠭᠡᠯᠡᠭᠴᠢᠳ ᠯᠦᠭᠡ ᠦᠷᠡᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠳᠤ᠂ ᠵᠥᠪ ᠣᠨᠣᠪᠴᠢᠲᠠᠶ ᠣᠷᠤᠭ ᠬᠤᠷᠢᠮ ᠤᠨ ᠦᠵᠡᠯᠲᠡ᠂ ᠦᠷᠡᠵᠢᠯ ᠤᠨ ᠦᠵᠡᠯᠲᠡ᠂ ᠬᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠡᠮᠡᠭᠲᠡᠶᠢᠴᠦᠳ ᠬᠡᠤᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ᠂ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ᠬᠤᠯᠪᠤᠭᠳᠠᠯ ᠪᠥᠬᠦᠶ ᠪᠠᠶᠢᠳᠠᠯ ᠢ ᠨᠢ ᠭᠦᠨᠵᠡᠭᠡᠶ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠦᠬᠠᠢ ᠬᠤᠳᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠨᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ︽ᠲᠥᠷᠬᠦᠮ ᠤᠨ ᠬᠥᠮᠦᠨ︾ ᠪᠤᠯᠵᠤ᠂ ᠤᠯᠠᠨ ᠵᠦᠢᠯ ᠤᠨ ᠬᠡᠯᠪᠡᠷᠢ ᠪᠠᠷ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠷᠤᠭ ᠤᠨ ᠦᠵᠡᠯᠲᠡ᠂ ᠦᠷᠡᠵᠢᠯ ᠤᠨ ᠦᠵᠡᠯᠲᠡ ᠪᠠ ᠭᠡᠷ ᠪᠦᠯᠢ ᠶᠢᠨ ᠦᠵᠡᠯᠲᠡ ᠲᠠᠢ ᠪᠣᠯᠭᠠᠵᠤ᠂ ᠬᠥᠮᠦᠨ ᠠᠮᠠ ᠶᠢᠨ ᠲᠡᠩᠴᠡᠭᠦᠷᠢᠲᠡᠢ ᠬᠥᠭᠵᠢᠯᠲᠡ ᠪᠣᠯᠤᠨ ᠭᠡᠷ ᠪᠦᠯᠢ ᠶᠢᠨ ᠡᠶ᠎ᠡ ᠵᠣᠬᠢᠴᠠᠩᠭᠤᠢ ᠵᠣᠯ ᠵᠢᠷᠭᠠᠯ ᠲᠠᠢ ᠪᠠᠶᠢᠬᠤ ᠶᠢ ᠠᠬᠢᠭᠤᠯᠬᠤ ᠬᠡᠷᠡᠭᠲᠡᠢ᠃ ᠦᠷᠡᠵᠢᠯ ᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠣᠯᠤᠨ ᠦᠢᠯᠡᠴᠢᠯᠡᠭᠡᠨ ᠤ ᠰᠢᠰᠲ᠋ᠧᠮ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠦᠷᠡᠵᠢᠯ ᠤᠨ ᠡᠶ᠎ᠡ ᠵᠤᠬᠢᠴᠠᠯ ᠢ ᠠᠬᠢᠭᠤᠯᠬᠤ ᠬᠡᠷᠡᠭᠲᠡᠢ᠃ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠲᠦᠷᠭᠡᠨ ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠦᠨᠳᠦᠰᠦᠨ ᠱᠠᠲᠤᠨ ᠤ ᠡᠮᠡᠭᠲᠡᠶᠢᠴᠦᠳ ᠬᠡᠦᠬᠡᠳ ᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号