ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/5
     6 ᠰᠠᠷ᠎ᠠ ᠶᠢᠨ 4 ᠤ ᠡᠳᠦᠷ᠂ ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠵᠤ᠂ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢᠶᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠶᠢᠨᠠᠨ ᠲᠣᠭᠤᠷᠢᠭ ᠲᠣᠰ ᠲᠣᠰ ᠲᠣᠰ ᠭᠠᠵᠠᠷ ᠣᠷᠣᠨ ᠲᠣᠰ ᠰᠢᠰᠲ᠋ᠧᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠢᠯᠡᠳᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ ᠠᠵᠢᠯᠯᠠᠭ᠎ᠠ᠂ ᠬᠤᠶᠠᠷ ᠢ ᠵᠠᠰᠠᠬᠤ︾ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ︽ᠦᠨᠡᠨᠴᠢ ᠢᠲᠡᠭᠡᠮᠵᠢ ᠶᠢ ᠡᠷᠬᠢᠮᠯᠡᠭᠰᠡᠳ ᠢ ᠣᠷᠮᠠᠰᠢᠭᠤᠯᠵᠤ ᠢᠲᠡᠭᠡᠯ ᠠᠯᠳᠠᠭᠰᠠᠳ ᠢ ᠵᠠᠯᠬᠠᠭᠠᠨ ᠲᠣᠷᠭᠠᠬᠤ︾ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ︽ᠦᠨᠡᠨᠴᠢ ᠢᠲᠡᠭᠡᠮᠵᠢ ᠶᠢᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ︾ ᠲᠠᠯ᠎ᠠ ᠪᠠᠷ ᠰᠢᠨ᠎ᠡ ᠵᠠᠮ ᠢ ᠬᠠᠶᠢᠨ ᠰᠦᠪᠡᠭᠴᠢᠯᠡᠵᠦ᠂ ︽ᠦᠷ᠎ᠡ ᠪᠦᠲᠦᠮᠵᠢ ᠶᠢᠨ ᠬᠢᠯᠠᠰ ᠴᠢᠭ ᠢ ᠭᠦᠨᠵᠡᠭᠡᠶ ᠠᠭᠤᠳᠠᠯᠬᠤ︾ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠣᠯᠵᠤ ᠬᠠᠷᠠᠨ᠂ ᠨᠠᠩ ᠣᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ︽ᠦᠬᠠᠶ ᠶᠢᠨ ᠲᠤᠷᠰᠢᠯᠭ᠎ᠠ︾ ᠶᠢ ᠴᠢᠷᠮᠠᠶᠢᠨ ᠪᠣᠶ ᠪᠣᠯᠭᠠᠵᠤ᠂ ᠨᠡᠷ᠎ᠡ ᠠᠯᠳᠠᠷᠰᠢᠭᠰᠠᠨ᠂ ᠲᠣᠭᠲᠠᠵᠤ ᠳᠡᠶᠢᠯᠬᠦ᠂ ᠤᠯᠠᠮᠵᠢᠯᠠᠭᠳᠠᠵᠤ ᠳᠡᠶᠢᠯᠬᠦ ᠦᠨᠡᠨᠴᠢ ᠢᠲᠡᠭᠡᠮᠵᠢ ᠶᠢᠨ ᠨᠠᠷᠠᠲᠤ ᠲᠡᠮᠳᠡᠭᠲᠦ ᠶᠢ ᠪᠣᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠨᠡᠯᠡᠨ ᠵᠢᠱᠢᠵᠦ ᠬᠢᠨᠠᠨ ᠰᠢᠯᠭᠠᠬᠤ ᠪᠠᠨ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠴᠢᠩᠭ᠎ᠠ ᠪᠦᠭᠡᠳ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠵᠦ᠂ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号