ᠬᠠᠳᠤᠨ ᠭᠤᠤᠯ ᠤᠨ ᠤᠰᠤ ᠡᠯᠡᠰᠦ ᠶᠢ ᠵᠠᠰᠠᠬᠤ ᠬᠢᠭᠡᠳ ᠠᠰᠢᠭᠯᠠᠬᠤ ᠶᠢ ᠰᠢᠨ᠎ᠡ ᠶᠢ ᠡᠭᠦᠳᠦᠨ ᠰᠣᠳᠣᠯᠬᠤ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/5
     6 ᠰᠠᠷ᠎ᠠ ᠶᠢᠨ 4 ᠤ ᠡᠳᠦᠷ᠂ ᠬᠠᠳᠤᠨ ᠭᠤᠤᠯ ᠤᠨ ᠤᠰᠤ ᠡᠯᠡᠰᠦ ᠶᠢ ᠵᠠᠰᠠᠬᠤ ᠬᠢᠭᠡᠳ ᠠᠰᠢᠭᠯᠠᠬᠤ ᠶᠢ ᠰᠢᠨ᠎ᠡ ᠶᠢ ᠡᠭᠦᠳᠦᠨ ᠰᠣᠳᠣᠯᠬᠤ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠬᠠᠳᠤᠨ ᠭᠤᠣᠯ ᠤᠨ ᠬᠠᠶᠢᠨ ᠬᠡᠮᠵᠢᠬᠦ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠠᠨ ᠰᠢᠨ ᠳ᠋ᠠᠢ ᠪᠣᠯᠤᠨ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠭᠤᠤ ᠪᠥᠸᠧ ᠬᠠᠮᠲᠤᠪᠠᠷ ᠫᠠᠶᠢᠰᠠ ᠰᠡᠬᠦᠵᠦ᠂ ᠬᠠᠳᠤᠨ ᠭᠤᠣᠯ ᠤᠨ ᠬᠠᠶᠢᠨ ᠬᠡᠮᠵᠢᠬᠦ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠰᠢᠶᠧ ᠽᠦᠨ ᠳ᠋ᠠᠩ ᠣᠷᠣᠯᠴᠠᠪᠠ᠃      ᠮᠠᠨ ᠤ ᠬᠤᠲᠠ ᠪᠣᠯ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠳᠤᠲᠠᠭᠳᠠᠵᠤ ᠪᠠᠶᠢᠭ᠎ᠠ ᠭᠠᠵᠠᠷ ᠣᠷᠣᠨ ᠤ ᠨᠢᠭᠡ ᠪᠣᠯᠤᠨ᠎ᠠ᠂ ᠬᠠᠳᠤᠨ ᠭᠤᠤᠯ ᠤᠨ ᠤᠰᠤ ᠡᠯᠡᠰᠦ ᠶᠢ ᠵᠠᠰᠠᠬᠤ ᠬᠢᠭᠡᠳ ᠠᠰᠢᠭᠯᠠᠬᠤ ᠶᠢ ᠰᠢᠨ᠎ᠡ ᠶᠢ ᠡᠭᠦᠳᠦᠨ ᠰᠣᠳᠣᠯᠬᠤ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠬᠠᠲᠤᠨ ᠭᠤᠤᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠬᠠᠲᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤᠨ ᠴᠥᠭᠦᠷᠥᠮ ᠤᠨ ᠬᠤᠷᠠᠳᠠᠰᠣ ᠴᠡᠪᠡᠷᠯᠡᠬᠦ᠂ ᠦᠬᠠᠢ ᠨᠠᠭᠤᠷ ᠤᠨ ᠡᠷᠬᠢᠨ ᠲᠣᠭᠤᠷᠢᠨ ᠤ ᠠᠭᠤᠷᠬᠠᠢ ᠶᠢ ᠰᠡᠷᠭᠦᠭᠡᠨ ᠵᠠᠰᠠᠬᠤ ᠵᠡᠷᠭᠡ ᠲᠦᠷᠦᠯ ᠵᠦᠢᠯ ᠳᠤ ᠲᠦᠰᠢᠭᠯᠡᠵᠦ᠂ ᠣᠯᠠᠨ ᠡᠯᠡᠰᠦ ᠲᠠᠢ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠪᠠᠭᠲᠠᠭᠠᠮᠵᠢ ᠶᠢ ᠦᠷᠭᠡᠳᠭᠡᠬᠦ ᠪᠠ ᠪᠠᠲᠤᠯᠠᠬᠤ᠂ ᠥᠨᠳᠥᠷ ᠪᠦᠲᠦᠮᠵᠢᠲᠡᠢ ᠠᠮᠢ ᠠᠬᠤᠢ ᠶᠢᠨ ᠬᠤᠷᠠᠳᠠᠰᠣ ᠶᠢ ᠴᠡᠪᠡᠷᠯᠡᠬᠦ ᠲᠣᠨᠣᠭᠯᠠᠯ ᠪᠠ ᠮᠡᠷᠭᠡᠵᠢᠯ᠂ ᠠᠭᠤᠷᠬᠠᠢ ᠶᠢᠨ ᠣᠷᠣᠨ ᠢ ᠵᠠᠰᠠᠨ ᠰᠡᠷᠭᠦᠬᠡᠵᠦ ᠬᠡᠷᠡᠭᠯᠡᠬᠦ ᠠᠮᠢ ᠠᠬᠤᠢ ᠶᠢᠨ ᠲᠣᠭᠲᠠᠪᠤᠷᠢᠵᠢᠭᠤᠯᠤᠯᠲᠠ ᠶᠢᠨ ᠰᠢᠨ᠎ᠡ ᠮᠠᠲ᠋ᠧᠷᠢᠶᠠᠯ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠢ ᠰᠢᠰᠲ᠋ᠧᠮ ᠲᠠᠢ ᠥᠷᠨᠢᠭᠦᠯᠵᠦ᠂ ᠬᠠᠲᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤᠨ ᠴᠥᠭᠦᠷᠥᠮ ᠤᠨ ᠪᠠᠭᠲᠠᠭᠠᠮᠵᠢ ᠶᠢ ᠤᠷᠳᠤ ᠬᠤᠭᠤᠴᠠᠭ᠎ᠠ ᠪᠠᠷ ᠪᠠᠲᠤᠯᠠᠬᠤ ᠶᠢ ᠪᠡᠶᠡᠯᠡᠭᠦᠯᠵᠦ᠂ ᠬᠠᠲᠤᠨ ᠭᠤᠣᠯ ᠤᠨ ᠥᠪᠥᠷ ᠮᠣᠩᠭᠤᠯ ᠤᠨ ᠭᠤᠣᠯ ᠤᠨ ᠬᠡᠰᠡᠭ ᠤᠨ ᠦᠶᠡᠷ ᠢ ᠰᠡᠷᠭᠡᠶᠢᠯᠡᠵᠦ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠵᠤ᠂ ᠤᠯᠠᠨ ᠡᠯᠡᠰᠦ ᠲᠠᠢ ᠭᠤᠣᠯ ᠤᠨ ᠤᠰᠤᠨ ᠴᠥᠭᠦᠷᠥᠮ ᠤᠨ ᠡᠯᠡᠰᠦ ᠰᠢᠪᠠᠷ ᠢ ᠤᠷᠳᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠰᠢᠨ᠎ᠡ ᠬᠡᠪ ᠳᠠᠭᠤᠷᠢᠶᠠᠯ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠪᠠᠰᠠ ᠬᠠᠲᠤᠨ ᠭᠤᠤᠯ ᠤᠨ ︽︿几﹀ ᠦᠰᠦᠭᠲᠤ ᠲᠤᠬᠤᠢ︾ ᠶᠢᠨ ᠬᠤᠲᠠ ᠶᠢᠨ ᠪᠥᠭᠡᠮᠨᠡᠷᠡᠯ ᠤᠨ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ᠂ ᠮᠠᠨ ᠤ ᠬᠤᠲᠠ ᠳᠤ ᠨᠠᠩ ᠣᠯᠠᠨ ᠲᠤᠰᠬᠠᠶ ᠮᠡᠷᠭᠡᠵᠢᠯ ᠢᠶᠠᠷ ᠰᠢᠯᠢᠳᠡᠭ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ ᠮᠡᠷᠭᠡᠵᠢᠯ ᠤᠨ ᠴᠢᠳᠠᠪᠤᠷᠢᠲᠠᠨ ᠢ ᠬᠦᠷᠭᠡᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠪᠠᠶᠢᠭᠤᠯᠤᠮᠵᠢ ᠶᠢ ᠬᠡᠯᠬᠢᠶᠡᠵᠢᠭᠦᠯᠦᠨ ᠰᠢᠨ᠎ᠡ ᠵᠠᠮ ᠢ ᠰᠦᠪᠡᠭᠴᠢᠯᠡᠨ ᠭᠠᠷᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠡᠯᠡᠰᠦ ᠶᠢ ᠵᠠᠰᠠᠬᠤ ᠳᠤ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠦᠵᠡᠬᠦᠯᠬᠦ ᠪᠤᠯᠤᠨ᠎ᠠ᠃      ᠶᠠᠷᠢᠯᠴᠠᠬᠤ ᠬᠤᠷᠠᠯ ᠳᠡᠭᠡᠷ᠎ᠡ᠂ ᠮᠠᠨ ᠤ ᠬᠤᠲᠠ ᠬᠠᠳᠤᠨ ᠭᠤᠣᠯ ᠤᠨ ᠬᠠᠶᠢᠨ ᠬᠡᠮᠵᠢᠬᠦ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠯᠤᠭ᠎ᠠ ︽ᠬᠠᠳᠤᠨ ᠭᠤᠤᠯ ᠤᠨ ᠤᠰᠤ ᠡᠯᠡᠰᠦ ᠶᠢ ᠵᠠᠰᠠᠬᠤ ᠬᠢᠭᠡᠳ ᠠᠰᠢᠭᠯᠠᠬᠤ ᠶᠢ ᠰᠢᠨ᠎ᠡ ᠶᠢ ᠡᠭᠦᠳᠦᠨ ᠰᠣᠳᠣᠯᠬᠤ ᠰᠠᠭᠤᠷᠢᠨ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠬᠤᠷᠠᠯ ᠳᠤ ᠣᠷᠣᠯᠴᠠᠭᠰᠠᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠰᠢᠨ᠎ᠡ ᠶᠢ ᠡᠭᠦᠳᠦᠨ ᠰᠣᠳᠣᠯᠬᠤ ᠬᠡᠷᠡᠭᠴᠡᠭᠡ ᠱᠠᠭᠠᠷᠳᠠᠯᠭ᠎ᠠ ᠳᠤᠷᠠᠳᠤᠭᠰᠠᠨ ᠪᠥᠭᠡᠳ ᠰᠠᠨᠠᠯ ᠢᠶᠠᠨ ᠰᠣᠯᠢᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号