ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠢ ᠰᠣᠳᠣᠯᠪᠠ
ᠨᠡᠶᠢᠲᠡᠯᠡᠭᠰᠡᠨ ᠴᠠᠭ᠄
2024/6/5
     6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠯᠢ ᠳ᠋ᠦᠩ᠂ ᠵᠠᠩ ᠮᠢᠩ ᠮᠢᠩ᠂ ᠭᠤᠤ ᠪᠥᠸᠧ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠭᠤᠷᠪᠠᠨ ᠲᠣᠭᠤᠷᠢᠭ ᠪᠠ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ  ᠤ ᠬᠠᠮᠢᠶᠠᠷᠤᠯᠲᠠ ᠶᠢᠨ ᠵᠥᠪᠯᠡᠯ ᠲᠣᠰ ᠲᠣᠰ ᠡᠨᠡ ᠵᠢᠯ ᠠᠴᠠ ᠨᠠᠰᠢᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠣᠭᠰᠠᠨ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠲᠠᠩ ᠢ ᠬᠡᠯᠡᠭᠰᠡᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠯ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠲᠦᠯᠬᠢᠴᠡ ᠬᠦᠴᠦᠨ ᠮᠥᠨ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠬᠡᠪᠰᠢ ᠴᠢᠩᠭ᠎ᠠ ᠠᠳᠬᠤᠬᠤ ᠴᠢᠬᠤᠯᠠ ᠭᠤᠭᠴᠤᠭ᠎ᠠ ᠮᠥᠨ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠥᠬᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠬᠤᠳᠠᠯᠳᠣᠭᠠᠴᠢᠨ ᠤᠷᠢᠬᠤ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ︾ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠲᠦᠷᠭᠡᠨ ᠠᠵᠢᠯᠯᠠᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠥᠭᠵᠢᠯᠲᠡ ᠳᠤ ᠨᠥᠭᠡᠴᠡ ᠬᠦᠴᠦᠨ ᠬᠤᠷᠠᠮᠳᠤᠭᠤᠯᠬᠤ ᠬᠡᠷᠡᠭᠲᠡᠢ ᠭᠡᠵᠡᠢ᠃      ᠲᠠᠩ ᠢ ᠲᠠᠷᠠᠭᠠᠴᠢ ᠶᠢᠨ ᠠᠯᠬᠤᠮ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠦᠨᠡᠨ ᠬᠦ ᠴᠢᠬᠤᠯᠠᠴᠢᠯᠠᠬᠤ ᠬᠡᠷᠡᠭᠲᠡᠶ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠨᠡᠩ ᠤᠯᠠᠨ ᠴᠠᠭ ᠬᠦᠴᠦ ᠣᠷᠣᠭᠤᠯᠵᠤ᠂ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠵᠣᠬᠢᠴᠠᠭᠤᠯᠵᠤ᠂ ᠱᠠᠯᠠᠪᠳᠠᠭᠤᠯᠤᠨ ᠭᠦᠢᠴᠡᠳᠬᠡᠵᠦ᠂ ᠲᠤᠯᠭᠠᠷᠠᠭᠰᠠᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠰᠢᠢᠳᠪᠦᠷᠢᠯᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠨᠡᠮᠡᠭᠳᠡᠯ ᠢ ᠠᠳᠬᠤᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠶᠢᠨ ᠬᠢᠨᠠᠨ ᠰᠢᠯᠭᠠᠯᠲᠠ ᠪᠠᠨ ᠴᠢᠩᠭᠠᠳᠬᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠠᠩᠬᠠᠷᠬᠤ ᠪᠠᠷ ᠪᠠᠷᠠᠬᠤ ᠦᠭᠡᠢ ᠪᠠᠰᠠ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠠᠩᠬᠠᠷᠴᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠠᠭᠤᠳᠠᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠬᠡᠷᠡᠭᠳᠡᠢ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠬᠥᠭᠵᠢᠯᠲᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠬᠠᠷᠠᠯᠲᠠ ᠬᠠᠮᠲᠤᠯᠢᠭ ᠢ ᠣᠨᠣᠪᠴᠢᠲᠠᠶ ᠲᠣᠭᠲᠠᠭᠠᠵᠤ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠶᠢ ᠨᠢ ᠭᠦᠨᠵᠡᠭᠡᠶ ᠵᠠᠳᠠᠯᠵᠤ᠂ ᠲᠣᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠵᠣᠯᠭᠠᠭᠤᠯᠵᠤ᠂ ᠵᠣᠬᠢᠴᠠᠭᠤᠯᠤᠨ ᠵᠣᠯᠭᠠᠭᠤᠯᠬᠤ ᠠᠵᠢᠯ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠬᠡᠷᠡᠭᠳᠡᠢ᠃ ᠲᠦᠷᠪᠡ ᠳᠤ᠂ ᠠᠷᠭ᠎ᠠ ᠰᠦᠪᠡᠭᠴᠢᠯᠡᠬᠦ ᠶᠢ ᠴᠢᠬᠤᠯᠠᠴᠢᠯᠠᠬᠤ ᠬᠡᠷᠡᠭᠲᠡᠢ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠤᠨ ᠲᠣᠭᠤᠷᠢᠨ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠲᠠᠷᠬᠠᠯᠲᠠ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ᠂ ᠬᠥᠭᠵᠢᠯᠲᠡ ᠶᠢᠨ ᠬᠠᠨᠳᠤᠰᠢ ᠵᠡᠷᠭᠡ ᠪᠠᠶᠢᠳᠠᠯ ᠢ ᠭᠦᠨᠵᠡᠭᠡᠶ ᠰᠤᠳᠤᠯᠤᠨ ᠵᠠᠳᠠᠯᠵᠤ᠂ ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠤᠬᠠᠭᠠᠯᠠᠨ ᠰᠡᠳᠦᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠡᠬᠢ ᠪᠠᠶᠠᠯᠢᠭ ᠢ ᠵᠣᠬᠢᠴᠠᠭᠤᠯᠤᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠣᠷᠠᠨ ᠲᠠᠷᠬᠠᠯᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠥᠲᠥᠯᠦᠨ ᠵᠢᠯᠣᠭᠤᠳᠴᠤ᠂ ᠨᠠᠶᠢᠳᠠᠪᠤᠷᠢᠵᠢᠭᠤᠯᠬᠤ ᠲᠥᠷᠥᠯ ᠵᠦᠢᠯ ᠢ ᠪᠣᠶ ᠪᠤᠯᠭᠠᠬᠤ ᠬᠡᠷᠡᠭᠳᠡᠢ᠃ ᠲᠠᠪᠤ ᠳᠤ᠂ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠨᠡᠨ ᠰᠡᠳᠬᠢᠯ ᠠᠴᠠ ᠪᠠᠨ ᠪᠠᠯᠠ ᠮᠥᠩᠭᠦ᠂ ᠭᠠᠵᠠᠷ ᠰᠢᠷᠣᠶ᠂ ᠡᠨᠧᠷᠭᠢ ᠶᠢᠨ ᠬᠤᠷᠣᠭᠳᠠᠯ ᠵᠡᠷᠭᠡ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ᠃ ᠵᠢᠷᠭᠤᠭ᠎ᠠ ᠳᠤ᠂ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠳᠡᠭᠡᠳᠦ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠨᠢ ᠨᠡᠮᠡᠭᠳᠡᠭᠦᠯᠬᠦ ᠬᠡᠷᠡᠭᠲᠡᠢ᠃ ᠪᠦᠬᠦᠯᠢ ᠴᠣᠭᠴᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠦᠬᠦ ᠬᠤᠳᠠ ᠪᠠᠷ ᠢᠶᠠᠨ ︽ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ᠂ ᠲᠦᠷᠦᠯ ᠵᠦᠢᠯ ᠢ ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠶᠢ ᠪᠦᠷᠢᠯᠳᠦᠭᠦᠯᠦᠭᠰᠡᠨ ︽ᠨᠢᠭᠡ ᠬᠥᠯᠭᠡ ᠰᠢᠳᠠᠷ᠎ᠠ︾ ᠶᠢᠨ ᠠᠵᠢᠯ ᠤᠨ ᠪᠠᠶᠢᠷᠢᠰᠢᠯ ᠢ ᠬᠦᠴᠦᠯᠡᠨ ᠠᠬᠢᠭᠤᠯᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号