ᠮᠠᠨ ᠤ ᠬᠤᠲᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/6
     6 ᠰᠠᠷ᠎ᠠ ᠶᠢᠨ 4 ᠤ ᠡᠳᠦᠷ᠂ ᠪᠥᠬᠦ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ 2024 ᠣᠨ ᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠬᠠᠶᠢᠨᠠᠨ ᠲᠣᠭᠤᠷᠢᠭ ᠲᠤ ᠶᠠᠪᠤᠭᠳᠠᠵᠤ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠪᠣᠯ ︽ᠨᠢᠯᠬ᠎ᠠ ᠬᠡᠤᠬᠡᠳ ᠢ ᠬᠠᠮᠠᠭᠠᠯᠠᠬᠤ ᠬᠤᠷᠢᠭ᠎ᠠ ᠱᠤᠭᠤᠮ ᠢ ᠰᠠᠬᠢᠨ ᠬᠠᠮᠠᠭᠠᠯᠠᠵᠤ  ᠰᠠᠶᠢᠨ ᠰᠠᠶᠢᠬᠠᠨ ᠬᠡᠤᠬᠡᠳ ᠪᠠᠭᠠᠴᠤᠳ ᠢ ᠬᠦᠮᠦᠵᠢᠬᠦᠯᠦᠨ ᠪᠤᠶᠢᠵᠢᠭᠤᠯᠤᠶ᠎ᠠ︾ ᠪᠣᠯᠤᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠳ ᠬᠠᠶᠢᠨᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ᠂ ᠬᠠᠶᠢᠨᠠᠨ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠶᠢᠨᠠᠨ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠬᠤᠶᠠᠷ ᠢ ᠲᠦᠭᠡᠮᠡᠯᠵᠢᠭᠦᠯᠬᠦ ᠶᠢ ᠡᠭᠦᠳᠦᠨ ᠪᠠᠶᠢᠭᠤᠯᠬᠤ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ ᠭᠦᠨᠵᠡᠭᠡᠢ ᠣᠶᠢᠯᠠᠭᠠᠪᠠ᠃ ᠤᠯᠠᠨ ᠢᠶᠠᠷ ᠢᠶᠠᠨ ᠦᠵᠡᠬᠦ ᠶᠢᠨ ᠲᠠᠭᠠᠤ ᠰᠣᠨᠣᠰᠴᠤ᠂ ᠰᠤᠨᠤᠰᠬᠤ ᠶᠢᠨ ᠲᠠᠭᠠᠣ ᠦᠨᠡᠯᠡᠯᠲᠡ ᠬᠢᠵᠦ᠂ ᠬᠠᠶᠢᠨᠠᠨ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠥᠭᠵᠢᠯᠲᠡ ᠶᠢᠨ ᠬᠤᠪᠢᠷᠠᠯᠲᠠ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠪᠥᠬᠦ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠤᠶᠠᠷ ᠢ ᠲᠦᠭᠡᠮᠡᠯᠵᠢᠭᠦᠯᠬᠦ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠬᠠᠶᠢᠷᠤᠪ ᠤᠨ ᠲᠤᠬᠤᠢ ᠲᠣᠭᠤᠷᠢᠭ᠂ ᠤᠳᠠ ᠲᠣᠭᠤᠷᠢᠭ ᠤᠨ ᠲᠦᠭᠡᠮᠡᠯ ᠬᠠᠷᠠᠭᠠᠯᠵᠠᠯ ᠤᠨ ᠣᠷᠣᠨ ᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠪᠠᠷ ᠠᠰᠠᠷᠠᠨ ᠰᠤᠷᠭᠠᠬᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠳᠡᠭᠡᠷ᠎ᠡ ᠶᠡᠭᠡ ᠠᠯᠬᠤᠮ ᠢᠶᠠᠷ ᠤᠷᠤᠭᠰᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠬᠤᠷᠳᠤᠴᠠ ᠶᠢ ᠲᠦᠷᠭᠡᠳᠭᠡᠬᠦ︾ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号