ᠬᠤᠲᠠ ᠶᠢᠨ ᠤᠳᠤᠷᠢᠳᠤᠯᠭ᠎ᠠ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠤ ᠠᠶᠤᠯᠭᠦᠶ ᠦᠶᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃      ᠯᠢ ᠳ᠋ᠦᠩ ᠤᠷᠢᠳ ᠬᠤᠵᠢᠳ ᠦᠬᠠᠶ ᠬᠤᠲᠠ ᠶᠢᠨ ᠭᠦᠬᠤᠰᠣ ᠨᠡᠭᠦᠷᠡᠰᠦᠨ ᠤ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠿᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠦᠶᠯᠡᠳᠪᠦᠷᠢᠯᠡᠯ ᠡᠵᠡᠩᠨᠡᠯᠲᠡ᠂ ᠠᠶᠤᠯᠭᠦᠶ ᠦᠶᠯᠡᠳᠪᠦᠷᠢᠯᠡᠯ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠨᠠᠷᠢᠨ ᠰᠣᠨᠣᠰᠪᠠ᠃ ᠯᠢ ᠳ᠋ᠦᠩ ᠬᠡᠯᠡᠭᠰᠡᠨ ᠨᠢ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ  ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠬᠤ ᠶᠠᠪᠤᠴᠠ ᠪᠠᠨ ᠵᠢᠷᠤᠮᠵᠢᠭᠤᠯᠵᠤ᠂ ᠠᠮᠤᠷ ᠲᠦᠪᠰᠢᠨ ᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ ᠰᠡᠳᠬᠢᠯ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ  ᠤᠨ ᠡᠯ᠎ᠡ ᠵᠦᠢᠯ ᠤᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ᠂ ᠵᠠᠷᠴᠢᠮ ᠤᠨ ᠴᠢᠨᠠᠷᠲᠠᠢ ᠠᠰᠠᠭᠤᠳᠠᠯ ᠲᠤᠯᠭᠠᠷᠠᠪᠠᠯ ᠶᠠᠭᠠᠬᠢᠭᠰᠠᠨ ᠴᠤ ᠨᠠᠶᠢᠷ ᠲᠠᠯᠪᠢᠬᠤ ᠦᠭᠡᠢ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃      ᠯᠢ ᠳ᠋ᠦᠩ ᠬᠡᠯᠡᠭᠰᠡᠨ ᠨᠢ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠵᠢᠴᠢ ᠠᠭᠤᠯᠠᠨ ᠦᠶᠡᠷ᠂ ᠭᠠᠵᠠᠷ  ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠥᠭᠵᠢᠯᠲᠡ ᠶᠢᠨ ᠪᠠᠶᠢᠳᠠᠯ ᠢ ᠴᠠᠭ ᠢᠮᠠᠭᠲᠠ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠲᠤᠯᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号