ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠣᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠭᠡᠯ᠂ ᠰᠦᠩ ᠶᠤᠸᠡᠢ ᠰᠢᠶᠠ᠂ ᠿᠧᠨ ᠵᠢᠢ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠵᠢᠶᠦ᠋ᠨ ᠵᠢᠴᠢ ᠪᠠᠢᠩᠭᠤ ᠶᠢᠨ ᠬᠤᠷᠢᠶᠠᠨ ᠤ ᠪᠦᠷᠢᠯᠳᠦᠬᠦᠨ 33 ᠬᠥᠮᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠸᠧᠶ ᠬᠤᠷᠠᠯ ᠳᠤ ᠰᠤᠯᠠ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠶᠦᠨ ᠾᠧᠩ ᠬᠤᠷᠠᠯ ᠳᠤ ᠣᠷᠣᠯᠴᠠᠪᠠ᠃      ᠬᠤᠷᠠᠯ ᠠᠴᠠ ᠯᠢ ᠳ᠋ᠦᠩ ᠤᠨ ᠦᠬᠠᠶ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠪᠠᠷ ᠲᠤᠭᠳᠠᠪᠠ︔ ᠸᠠᠩ ᠶᠦᠨ ᠾᠧᠩ ᠢ ᠦᠬᠠᠶ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠳᠤ ᠲᠣᠮᠢᠯᠠᠵᠤ᠂ ᠡᠷᠬᠢᠯᠡᠭᠴᠢ ᠶᠢᠨ ᠲᠤᠰᠢᠶᠠᠯ ᠢ ᠣᠷᠣᠯᠠᠨ ᠬᠠᠷᠢᠭᠤᠴᠠᠭᠤᠯᠬᠤ ᠪᠠᠷ ᠲᠣᠭᠲᠠᠪᠠ᠃ ᠯᠢ ᠳ᠋ᠦᠩ ᠢ ᠦᠬᠠᠶ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠪᠠᠰᠠ ᠲᠤᠰᠢᠶᠠᠯ  ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠤᠰᠤᠳ ᠵᠦᠶᠯᠡᠰ ᠢ ᠪᠠᠲᠤᠯᠠᠪᠠ᠃ ᠹᠧᠩ ᠰᠢᠤᠸᠠᠢ ᠲᠤᠤ ᠰᠢᠨ᠎ᠡ  ᠪᠠᠷ ᠲᠤᠰᠢᠶᠠᠯ ᠳᠤ ᠲᠣᠮᠢᠯᠠᠭᠳᠠᠭᠰᠠᠤᠨ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠤᠨ ᠦᠨᠳᠦᠰᠦᠨ ᠬᠠᠤᠯᠢ ᠳᠤ ᠲᠠᠩᠭᠠᠷᠢᠭᠯᠠᠪᠠ  ᠃      ᠳᠤᠭᠤᠶᠢᠯᠠᠩ ᠬᠤᠪᠢᠶᠠᠨ ᠬᠢᠨᠠᠨ ᠶᠠᠷᠢᠯᠴᠠᠬᠤ ᠳᠤᠮᠳᠠ᠂ ᠬᠤᠷᠠᠯ ᠳᠤ ᠣᠷᠣᠯᠴᠠᠭᠰᠠᠳ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠯᠤᠭ᠎ᠠ ᠤᠶᠠᠯᠳᠤᠭᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠳᠡᠭᠡᠷ᠎ᠡ᠂ ᠭᠤᠷᠪᠠᠨ ᠨᠥᠬᠦᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠹᠧᠩ ᠰᠢᠤᠸᠠᠢ ᠲᠤᠤ ᠬᠡᠯᠡᠭᠰᠡᠨ ᠨᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ︽ᠲᠥᠯᠥᠭᠡᠯᠡᠭᠴᠢᠳ ᠤᠨ ᠳᠣᠲᠣᠷᠠᠬᠢ ᠲᠥᠯᠥᠭᠡᠯᠡᠭᠴᠢ︾ ᠪᠣᠯᠤᠭᠰᠠᠨ ᠤ ᠬᠤᠪᠢ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦᠯᠢ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠰᠢᠭᠤᠳ ᠲᠣᠭᠲᠠᠭᠠᠵᠤ ᠪᠠᠶᠢᠳᠠᠭ᠃ ᠢᠲᠡᠭᠡᠯ ᠵᠣᠷᠢᠭ ᠢᠶᠠᠨ ᠪᠠᠲᠤᠳᠬᠠᠨ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠳᠤ ᠦᠶᠯᠡᠴᠢᠯᠡᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ᠂ ᠬᠤᠲᠠ ᠶᠢᠨ ᠨᠠᠮ ᠤᠨ ᠬᠤᠷᠢᠶᠠᠨ ᠤ ︽ᠠᠷᠪᠠᠨ ᠬᠤᠶᠠᠷ ᠵᠦᠶᠯ ᠤᠨ ᠭᠤᠤᠯᠳᠠᠯᠭ᠎ᠠ ᠲᠠᠢ ᠠᠵᠢᠯ︾ ᠢ ᠪᠡᠶᠡᠯᠡᠭᠦᠯᠬᠦ ᠯᠦᠭᠡ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠶᠯ ᠤᠨ ᠠᠵᠢᠯ ᠢ ᠲᠥᠰᠦᠪᠯᠡᠨ ᠠᠬᠢᠭᠤᠯᠬᠤ ᠬᠡᠷᠡᠭᠲᠡᠶ᠃ ᠰᠢᠷᠭᠠᠭᠤ ᠰᠤᠷᠤᠯᠴᠠᠵᠤ᠂ ᠬᠡᠪ ᠴᠢᠨᠠᠷ ᠢᠶᠠᠨ ᠳᠡᠭᠡᠭᠰᠢᠯᠡᠭᠦᠯᠦᠨ ᠴᠢᠳᠠᠪᠤᠷᠢ ᠪᠠᠨ ᠴᠢᠩᠭᠠᠳᠬᠠᠵᠤ᠂ ᠦᠨᠳᠦᠰᠦᠨ ᠬᠠᠤᠯᠢ᠂ ᠲᠥᠯᠥᠭᠡᠯᠡᠭᠴᠢ ᠶᠢᠨ ᠬᠠᠤᠯᠢ᠂ ᠬᠢᠨᠠᠯᠲᠠ ᠲᠠᠯᠪᠢᠬᠤ ᠬᠠᠤᠯᠢ᠂ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠷᠡᠮᠡᠬᠡᠶᠢᠯᠡᠨ ᠲᠠᠪᠰᠢᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠵᠣᠷᠢᠭᠲᠠᠢ ᠡᠭᠦᠷᠭᠡᠯᠡᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠣᠷᠣᠯᠴᠠᠵᠤ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠴᠤ᠂ ᠬᠤᠳᠠ ᠶᠢᠨ ᠨᠠᠮ ᠤᠨ ᠬᠤᠷᠢᠶᠠᠨ ᠤ ᠴᠢᠬᠤᠯᠠᠴᠢᠯᠠᠵᠤ ᠪᠠᠶᠢᠭ᠎ᠠ᠂ ᠨᠡᠶᠢᠭᠡᠮ ᠤᠨ ᠠᠩᠬᠠᠷᠴᠤ ᠪᠠᠶᠢᠭ᠎ᠠ᠂ ᠤᠯᠠᠨ ᠲᠦᠮᠡᠨ ᠤ ᠬᠦᠰᠡᠵᠦ ᠪᠠᠶᠢᠭ᠎ᠠ ᠪᠣᠳᠠᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ᠂ ᠨᠠᠮ ᠪᠣᠯᠤᠨ ᠠᠷᠠᠳ ᠲᠦᠮᠡᠨ  ᠤ ᠢᠲᠡᠭᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ ᠲᠦᠷᠢ ᠲᠥᠷᠬᠦ ᠪᠠᠨ ᠰᠢᠭᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠤᠬᠠᠮᠰᠠᠷ  ᠢᠶᠠᠷ ᠲᠤᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠤᠨ ᠬᠢᠵᠠᠭᠠᠷᠯᠠᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠣᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号