ᠼᠦᠢ ᠵᠢᠩ ᠶᠢᠩ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/6/7
    6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ᠂ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ  ᠤᠨ ᠲᠤᠬᠠᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠣᠷᠣᠯᠴᠠᠪᠠ᠃     ᠼᠦᠢ ᠵᠢᠩ ᠶᠢᠩ ᠨᠡᠷ ᠤᠷᠢᠳ ᠬᠤᠵᠢᠳ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠢᠭ ᠲᠤ ᠬᠦᠷᠴᠦ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠠᠵᠢᠯᠯᠠᠭᠠᠨ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃     ᠼᠦᠢ ᠵᠢᠩ ᠶᠢᠩ ᠬᠡᠯᠡᠭᠰᠡᠨ ᠨᠢ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠦᠭ ᠲᠦᠮᠡᠨ ᠠᠶᠢᠯ ᠡᠷᠦᠬᠡ ᠪᠣᠯᠤᠨ ᠥᠷᠭᠡᠨ ᠤᠯᠠᠨ ᠰᠤᠷᠤᠭᠴᠢᠳ ᠤᠨ ᠲᠤᠰ ᠪᠡᠶ᠎ᠡ  ᠶᠢᠨ ᠠᠰᠢᠭ ᠲᠤᠰᠠ ᠲᠠᠢ ᠬᠤᠯᠪᠣᠭᠳᠠᠵᠤ᠂ ᠪᠦᠬᠦ ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ  ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ  ᠬᠢᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠯᠭᠠᠯᠲᠠ ᠶᠢᠨ ᠪᠡᠯᠡᠳᠬᠡᠯ ᠠᠵᠢᠯ ᠤᠨ ᠪᠥᠬᠦ ᠬᠡᠯᠬᠢᠶ᠎ᠡ᠂ ᠡᠯ᠎ᠡ ᠭᠤᠭᠴᠤᠭ᠎ᠠ ᠳᠤ ᠳᠠᠬᠢᠨ ᠪᠠᠶᠢᠴᠠᠭᠠᠯᠲᠠ ᠬᠢᠵᠦ᠂ ᠳᠠᠬᠢᠨ ᠨᠠᠷᠢᠯᠢᠬᠵᠢᠭᠤᠯᠵᠤ᠂ ᠳᠠᠬᠢᠨ ᠲᠡᠭᠦᠯᠳᠡᠷᠵᠢᠭᠦᠯᠵᠦ᠂ ᠨᠠᠷᠢᠯᠢᠭ ᠠᠴᠠ ᠨᠠᠷᠢᠯᠢᠭ᠂ ᠴᠢᠩᠭ᠎ᠠ ᠠᠴᠠ ᠴᠢᠩᠭ᠎ᠠ᠂ ᠪᠣᠳᠠᠲᠠᠶ  ᠠᠴᠠ ᠪᠣᠳᠠᠲᠠᠶ ᠪᠠᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢᠶᠠᠨ ᠰᠠᠶᠢᠲᠤᠷ ᠬᠢᠵᠦ᠂ ᠲᠦᠭ ᠲᠦᠮᠡᠨ ᠰᠣᠷᠣᠭᠴᠢ ᠳᠤ ᠠᠮᠤᠷ ᠲᠦᠪᠰᠢᠨ ᠪᠥᠭᠡᠳ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠲᠤᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠢᠳᠡᠭᠡᠨ ᠤᠮᠳᠠᠭᠠᠨ ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ᠂ ᠱᠤᠤᠭᠢᠶᠠᠨ ᠢ ᠰᠢᠢᠳᠪᠦᠷᠢᠯᠡᠬᠦ᠂ ᠰᠣᠶᠣᠯ ᠢᠷᠭᠡᠨᠰᠢᠯ ᠤᠨ ᠬᠠᠯᠠᠮᠵᠢᠯᠠᠯ ᠵᠡᠷᠭᠡ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠥᠷᠭᠡᠨ ᠤᠯᠠᠨ ᠰᠢᠯᠭᠠᠭᠤᠯᠤᠭᠴᠢ ᠶᠢᠨ ᠪᠠᠶᠢᠪᠠᠰᠤ ᠵᠣᠬᠢᠬᠤ ᠬᠢᠷᠢ ᠲᠦᠪᠰᠢᠨ ᠢᠶᠠᠨ ᠬᠦᠢᠴᠡᠳ ᠪᠠᠳᠠᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠨᠢᠭᠤᠴᠠ ᠶᠢ ᠬᠠᠮᠠᠭᠠᠯᠠᠬᠤ ᠲᠦᠷᠢᠮ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠬᠤ ᠲᠦᠷᠢᠮ ᠢᠶᠠᠨ ᠵᠢᠷᠤᠮᠵᠢᠭᠤᠯᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠰᠢᠯᠭᠠᠯᠲᠠ ᠶᠢᠨ ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠵᠤ ᠬᠠᠮᠢᠶᠠᠷᠬᠤ᠂ ᠬᠤᠪᠢᠶᠠᠨ ᠲᠠᠷᠬᠠᠭᠠᠬᠤ᠂ ᠬᠤᠷᠢᠶᠠᠨ ᠠᠪᠤᠭᠰᠠᠨ ᠲᠡᠮᠳᠡᠭᠯᠡᠯ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠢᠭᠤᠴᠠ ᠶᠢ ᠵᠠᠳᠠᠷᠠᠭᠤᠯᠬᠤ᠂ ᠰᠢᠯᠭᠠᠯᠲᠠ  ᠶᠢᠨ ᠲᠠᠯᠠᠪᠤᠷ ᠲᠤ ᠬᠡᠮ ᠬᠢᠬᠦ ᠵᠡᠷᠭᠡ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠴᠠᠭ ᠠᠭᠤᠷ  ᠤᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠣᠨᠴᠠᠭᠠᠢ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号