ᠪᠥᠬᠦ ᠣᠷᠣᠨ ᠤ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠤᠲᠠᠶᠢᠴᠤᠳ ᠤᠨ ᠬᠤᠭᠤᠯᠠᠨ ᠳᠤ ᠲᠤᠰᠠᠯᠠᠬᠤ ᠦᠢᠯᠡᠴᠢᠯᠡᠭᠡ ᠶᠢ ᠢᠳᠡᠪᠬᠢᠲᠡᠶ ᠬᠥᠭᠵᠢᠭᠦᠯᠬᠦ ᠲᠤᠷᠰᠢᠯᠭ᠎ᠠ ᠰᠣᠯᠢᠯᠴᠠᠬᠤ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠪᠥᠬᠦ ᠣᠷᠣᠨ ᠤ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠤᠲᠠᠶᠢᠴᠤᠳ ᠤᠨ ᠬᠤᠭᠤᠯᠠᠨ ᠳᠤ ᠲᠤᠰᠠᠯᠠᠬᠤ ᠦᠢᠯᠡᠴᠢᠯᠡᠭᠡ ᠶᠢ ᠢᠳᠡᠪᠬᠢᠲᠡᠶ ᠬᠥᠭᠵᠢᠭᠦᠯᠬᠦ ᠲᠤᠷᠰᠢᠯᠭ᠎ᠠ ᠰᠣᠯᠢᠯᠴᠠᠬᠤ ᠬᠤᠷᠠᠯ ᠮᠠᠨ ᠤ ᠬᠤᠳᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ ᠬᠤᠷᠠᠯ ᠡᠷᠬᠢᠯᠡᠵᠦ᠂ ᠬᠤᠳᠠ ᠶᠢᠨ ᠳᠡᠳ᠋ ᠳᠠᠷᠤᠭ᠎ᠠ ᠵᠠᠩ ᠮᠢᠩ ᠮᠢᠩ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠬᠥᠬᠡᠬᠤᠲᠠ᠂ ᠪᠤᠭᠤᠲᠤ ᠬᠤᠳᠠ᠂ ᠬᠢᠩᠭᠠᠨ ᠠᠶᠢᠮᠠᠭ᠂ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠬᠢᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠵᠢᠶᠠᠩ ᠬᠤᠩ ᠦᠬᠠᠢ ᠬᠤᠳᠠ ᠶᠢᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠤᠲᠠᠶᠢᠴᠤᠳ ᠤᠨ ᠬᠤᠭᠤᠯᠠᠨ ᠳᠤ ᠲᠤᠰᠠᠯᠠᠬᠤ ᠦᠢᠯᠡᠴᠢᠯᠡᠭᠡ ᠶᠢ ᠳᠡᠭᠡᠳᠦ ᠬᠡᠮᠵᠢᠶ᠎ᠡ ᠪᠠᠷ ᠳᠥᠯᠭᠢᠨ ᠠᠬᠢᠭᠤᠯᠪᠠ᠂ ᠣᠳᠣᠬᠠᠨ ᠳᠤ ᠦᠬᠠᠶ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮ ᠪᠥᠬᠦ ᠲᠠᠯ᠎ᠠ ᠶᠢ ᠬᠠᠮᠤᠷᠴᠤ᠂ ᠰᠢᠰᠲ᠋ᠧᠮ ᠪᠦᠷᠢᠨ ᠲᠡᠭᠦᠯᠳᠡᠷ᠂ ᠦᠶᠯᠡᠴᠢᠯᠡᠭᠡᠨ ᠤ ᠦᠷ᠎ᠡ ᠪᠦᠲᠦᠮᠵᠢ ᠢᠯᠡᠳᠲᠡ ᠪᠠᠶᠢᠨ᠎ᠠ ᠭᠡᠵᠡᠢ᠃      ᠵᠢᠶᠠᠩ ᠬᠤᠩ ᠵᠢᠭᠠᠵᠤ ᠭᠠᠷᠭᠠᠭᠰᠠᠨ ᠨᠢ᠂ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠴᠢᠨᠠᠷ ᠰᠠᠶᠢᠲᠠᠶ ᠠᠬᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠷᠠᠭᠤᠯᠤᠨ᠂ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠦᠷᠦᠭᠦᠯᠡᠨ ᠬᠢᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠨ᠂ ᠠᠵᠢᠯ ᠤᠨ ᠰᠢᠰᠲ᠋ᠧᠮᠵᠢ ᠶᠢ ᠪᠦᠷᠢᠨᠰᠢᠬᠦᠯᠵᠦ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠠᠬᠢᠴᠠ ᠪᠠᠨ ᠲᠦᠷᠭᠡᠳᠬᠡᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠵᠤ᠂ ᠲᠡᠰ ᠳᠠᠷᠠᠭᠠᠯᠠᠯ ᠢᠶᠠᠨ ᠴᠢᠩᠳᠠᠯᠠᠨ ᠶᠠᠰᠤ ᠴᠢᠨᠠᠷ ᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠷᠠᠳ ᠤᠨ ᠶᠠᠪᠤᠳᠠᠯ ᠤᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠱᠠᠯᠠᠪᠳᠠᠨ ᠰᠠᠶᠢᠲᠤᠷ ᠠᠳᠬᠤᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠠᠶᠢᠷᠤᠪ ᠤᠨ ᠲᠤᠬᠤᠢ ᠲᠣᠭᠤᠷᠢᠭ ᠤᠨ ᠨᠠᠰᠤᠵᠢᠯ  ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠠᠶᠢᠨᠠᠨ ᠲᠣᠭᠤᠷᠢᠭ ᠤᠨ ᠷᠠᠰᠢᠵᠦᠩ ᠵᠡᠭᠡᠯᠢ ᠭᠤᠳᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠵᠡᠷᠭᠡ 7 ᠲᠣᠭᠤᠷᠢᠨ ᠦᠵᠡᠬᠦ‍ ᠴᠢᠭ ᠢ ᠲᠤᠬᠠᠢ ᠶᠢᠨ ᠲᠠᠯᠠᠪᠠᠢ ᠳᠤᠨᠢ ᠲᠣᠭᠤᠷᠢᠨ ᠦᠵᠡᠵᠦ᠂ ᠮᠠᠨ ᠤ ᠬᠤᠳᠠ ᠶᠢᠨ ︽ᠵᠢᠷᠭᠤᠭᠠᠨ ᠱᠠᠳᠤ ᠵᠢᠷᠭᠤᠭᠠᠨ ᠲᠠᠯ᠎ᠠ︾ ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠵᠢᠴᠢ ᠨᠠᠰᠤᠲᠠᠶᠢᠴᠤᠳ ᠤᠨ ᠬᠤᠭᠤᠯᠠᠨ ᠳᠤ ᠲᠤᠰᠠᠯᠠᠬᠤ ᠦᠢᠯᠡᠴᠢᠯᠡᠭᠡ ᠶᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号