ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/6/7

     6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠷᠥ ᠶᠢᠨ

ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠪᠠᠷ

ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠨ᠂

ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ

ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠣᠷᠪᠣᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ

     ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 5 ᠤ ᠡᠳᠦᠷ ᠤᠨ ᠴᠠᠭᠢᠯᠭᠠᠨ ᠮᠡᠳᠡᠭᠡ  6 ᠳ᠋ᠤᠭᠠᠷ

ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠷᠥ ᠶᠢᠨ ᠶᠠᠪᠤᠳᠠᠯ ᠤᠨ

ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠪᠠᠷ ᠵᠠᠰᠠᠬᠤ

ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠨ᠂

ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ

ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠬᠢᠭᠡᠳ

ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ

ᠪᠠᠶᠢᠭᠤᠯᠬᠤ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠢ

ᠬᠢᠭᠡᠳ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ

ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ

ᠬᠡᠷᠡᠭᠲᠡᠢ ᠬᠡᠮᠡᠨ ᠴᠢᠩᠭᠠᠳᠬᠠᠭᠰᠠᠨ ᠪᠠᠶᠢᠨ᠎ᠠ᠃

     ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠬᠢᠷᠤᠯ ᠮᠠ ᠬᠤᠸᠠᠢ ᠳ᠋ᠧ

ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ

ᠹᠧᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠦ᠋ ᠵᠧᠩ ᠯᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

     ᠯᠢ ᠴᠢᠶᠠᠩ ᠢᠯᠡᠳᠬᠡᠯ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠠᠤᠯᠢ ᠪᠠᠷ ᠵᠠᠰᠠᠬᠤ

ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭᠠᠲᠤ

ᠡᠭᠦᠷᠭᠡ ᠪᠠ ᠭᠤᠣᠯ ᠴᠣᠭᠴᠠᠲᠤ ᠢᠨᠵᠧᠨᠧᠷᠢᠩ ᠮᠥᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ

ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠦᠨᠳᠦᠰᠦᠨ ᠬᠠᠤᠯᠢ ᠪᠠ ᠬᠠᠤᠯᠢ

ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ

ᠪᠠᠶᠢᠭᠤᠯᠤᠯᠲᠠ ᠶᠢ ᠴᠢᠩᠭᠠᠳᠬᠠᠬᠤ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠵᠠᠢ᠃ ᠣᠶᠢᠷ᠎ᠠ ᠶᠢᠨ ᠵᠢᠯ ᠤᠳ ᠲᠤ᠂

ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠪᠠ᠃ ᠰᠢᠨ᠎ᠡ ᠪᠠᠶᠢᠳᠠᠯ ᠪᠠ

ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯᠲᠠᠳ ᠬᠠᠤᠯᠢ ᠪᠠᠷ ᠵᠠᠰᠠᠬᠤ ᠤᠬᠠᠮᠰᠠᠷ ᠢᠶᠠᠨ ᠴᠢᠨᠠᠭᠰᠢᠳᠠ ᠤᠯᠠᠮ

ᠴᠢᠩᠭᠠᠳᠬᠠᠵᠤ᠂ ᠬᠠᠤᠯᠢ ᠪᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠳᠠᠳᠬᠠᠯ ᠲᠠᠢ ᠪᠣᠯᠣᠭᠠᠳ᠂

ᠵᠠᠰᠠᠭ ᠤᠨ ᠣᠷᠳᠣᠨ ᠤ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠷᠨᠢᠭᠦᠯᠵᠦ᠂ ᠨᠠᠮ ᠤᠨ ᠲᠥᠪ ᠬᠤᠷᠢᠶᠠᠨ ᠤ

ᠪᠠᠶᠢᠷᠢᠯᠠᠭᠤᠯᠤᠯᠲᠠ ᠶᠢ ᠨᠠᠩ ᠰᠠᠶᠢᠲᠤᠷ ᠲᠤᠭᠤᠰᠢᠯᠠᠭᠤᠯᠵᠤ᠂ ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ

ᠬᠡᠷᠡᠭᠲᠡᠢ ᠬᠡᠮᠡᠨ ᠵᠢᠭᠠᠨ ᠭᠠᠷᠭᠠᠵᠠᠢ᠃

     ᠯᠢ ᠴᠢᠶᠠᠩ ᠵᠢᠭᠠᠨ ᠭᠠᠷᠭᠠᠬᠤ ᠳᠤ ᠪᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠠᠬᠢᠭᠤᠯᠤᠨ᠂

ᠬᠠᠤᠯᠢ ᠲᠣᠭᠲᠠᠭᠠᠬᠤ ᠪᠠᠭᠤᠷᠠᠢ ᠪᠠ ᠬᠤᠭᠤᠰᠤᠨ ᠢ ᠲᠦᠷᠭᠡᠬᠡᠨ ᠨᠥᠬᠦᠪᠦᠷᠢᠯᠡᠵᠦ᠂ ᠵᠠᠰᠠᠭ ᠵᠠᠬᠢᠷᠭᠠᠨ ᠤ ᠦᠢᠯᠡ

ᠠᠵᠢᠯᠯᠠᠭ᠎ᠠ ᠳᠤ ᠦᠨᠳᠦᠰᠦᠯᠡᠬᠦ ᠬᠠᠤᠯᠢ ᠴᠠᠭᠠᠵᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠡᠷᠡᠴᠢᠯᠡᠨ

ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠳᠤ ᠡᠰᠡ ᠳᠣᠬᠢᠷᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠠᠰᠠ

ᠴᠠᠭ ᠲᠤᠬᠠᠢ ᠳᠤ ᠨᠢ ᠵᠠᠰᠠᠪᠤᠷᠢᠯᠠᠬᠤ ᠪᠤᠶᠤ ᠴᠤᠴᠠᠯᠬᠤ ᠪᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ

ᠪᠣᠯᠭᠠᠬᠤ ᠶᠢ ᠪᠠᠷᠢᠮᠲᠠᠯᠠᠨ᠂ ︽ᠵᠢᠵᠢᠭ ᠲᠦᠷᠭᠡᠨ ᠤᠶᠠᠨ︾᠂ ᠬᠠᠨᠳᠤᠯᠭᠠᠲᠤ ᠴᠢᠨᠠᠷ ᠢᠶᠠᠷ ᠴᠢᠩᠭ᠎ᠠ ᠬᠠᠤᠯᠢ ᠳᠣᠭᠲᠠᠭᠠᠯᠲᠠ ᠶᠢ

ᠢᠯᠡᠭᠦᠬᠡᠨ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠦᠨᠡᠨ ᠬᠦ

ᠰᠢᠢᠳᠪᠦᠷᠢᠯᠡᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠂ ᠡᠷᠴᠢᠮ

ᠬᠦᠴᠦᠲᠡᠢ ᠪᠠᠶᠢᠵᠤ᠂ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ

ᠵᠠᠪᠠᠯ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ ᠪᠠᠷ ᠦᠯᠦ ᠪᠠᠷᠠᠮ ᠪᠠᠰᠠ ᠰᠡᠳᠬᠢᠯᠭᠡ ᠲᠠᠢ ᠪᠠᠶᠢᠵᠤ᠂ ᠴᠢᠬᠤᠯᠠ ᠲᠠᠢ ᠦᠶ᠎ᠡ ᠳᠤ

ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ᠂ ᠬᠥᠮᠥᠡᠯᠢᠭ ᠢᠶᠠᠷ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ᠂

ᠡᠷᠬᠡ ᠲᠡᠭᠰᠢ ᠲᠥᠪ ᠭᠤᠣᠯᠴᠢ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠵᠠᠰᠠᠭ

ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶᠠᠨ ᠤ ᠳᠦᠷᠢᠮ ᠢ ᠲᠦᠷᠭᠡᠪᠴᠢᠯᠡᠨ ᠨᠠᠶᠢᠳᠠᠪᠤᠷᠢᠵᠢᠭᠤᠯᠵᠤ᠂

ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠰᠢᠢᠳᠬᠡᠬᠦ ᠪᠠᠷᠢᠮᠵᠢᠶ᠎ᠠ ᠨᠢᠭᠡᠳᠦᠯᠲᠡᠢ᠂

ᠳᠠᠷᠠᠭᠠᠯᠠᠯ ᠲᠥᠪ ᠭᠤᠤᠯᠴᠢ᠂ ᠦᠷ᠎ᠡ ᠳ᠋ᠦᠩ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠯᠲᠠ

ᠲᠠᠯᠪᠢᠯᠲᠠ ᠪᠠᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ

ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ

ᠮᠥᠷᠲᠡᠭᠡᠨ ᠵᠠᠰᠠᠭ ᠵᠠᠬᠢᠷᠭᠠᠨ ᠤ ᠬᠢᠨᠠᠯᠲᠠ ᠪᠠᠨ ᠲᠡᠭᠦᠯᠳᠡᠷᠵᠢᠭᠦᠯᠦᠨ᠂ ᠬᠢᠨᠠᠯᠲᠠ ᠲᠠᠢ ᠨᠥᠬᠦᠴᠡᠯ ᠳᠣᠣᠷ᠎ᠠ ᠡᠷᠬᠡ ᠪᠠᠨ

ᠬᠡᠷᠡᠭᠵᠢᠭᠦᠯᠬᠦ ᠳᠠᠳᠬᠠᠯ ᠬᠢᠭᠡᠳ ᠤᠬᠠᠮᠰᠠᠷ ᠢ ᠪᠤᠢ ᠪᠣᠯᠭᠠᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠢᠯᠡ ᠪᠠᠷ

ᠶᠠᠪᠤᠭᠳᠠᠭᠤᠯᠬᠤ ᠬᠡᠷᠡᠭᠲᠡᠢ ᠭᠡᠯ᠎ᠡ᠃

     ᠯᠢ ᠴᠢᠶᠠᠩ ᠴᠢᠬᠤᠯᠠᠴᠢᠯᠠᠬᠤ ᠳᠤ ᠪᠠᠨ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ

ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠰᠢᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂

ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠬᠥᠮᠦᠵᠢᠯ ᠪᠣᠯᠪᠠᠰᠤᠷᠠᠯ ᠢ ᠦᠨᠡᠨ ᠬᠦ

ᠴᠢᠩᠭᠠᠳᠬᠠᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢᠨ ᠲᠣᠭᠤᠷᠢᠨ ᠳᠤ ᠬᠤᠯᠪᠤᠭᠳᠠᠯ

ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ

ᠮᠠᠲ᠋ᠧᠷᠢᠶᠠᠯ ᠤᠳ ᠢ ᠲᠣᠬᠢᠷᠠᠭᠤᠯᠤᠨ ᠰᠢᠯᠢᠳᠡᠭᠵᠢᠭᠦᠯᠬᠦ ᠪᠠᠨ ᠠᠬᠢᠭᠤᠯᠵᠤ᠂ ᠬᠠᠤᠯᠢ ᠶᠣᠰᠣᠭᠠᠷ ᠥᠨᠳᠥᠷ ᠪᠦᠲᠦᠮᠵᠢᠲᠡᠶ ᠠᠵᠢᠯ

ᠶᠠᠪᠤᠳᠠᠯ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃

 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号