ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
     ᠣᠶᠢᠷ᠎ᠠ ᠳᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠵᠢᠴᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ 6 ᠨᠢᠭᠡᠴᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠢᠭᠤᠨ ᠴᠢᠬᠡᠴᠢ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠬᠦᠴᠦᠯᠡᠨ ᠴᠢᠩᠭᠠᠳᠬᠠᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠪᠠᠷᠢᠮᠵᠢᠶ᠎ᠠ ᠪᠠᠷ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭᠠᠨ ᠤ ᠰᠠᠭᠤᠷᠢ ᠪᠠᠨ ᠪᠦᠬᠦ ᠲᠠᠯ᠎ᠠ ᠪᠠᠷ ᠪᠠᠬᠢᠵᠢᠭᠦᠯᠵᠦ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠵᠢᠱᠢᠶ᠎ᠡ ᠦᠵᠡᠭᠦᠯᠵᠦ ᠬᠦᠳᠦᠯᠦᠨ ᠵᠢᠯᠣᠭᠤᠳᠬᠤ ᠶᠢ ᠴᠢᠬᠤᠯᠠᠴᠢᠯᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ᠰᠠᠯᠠᠭ᠎ᠠ ᠮᠥᠴᠢᠷ ᠤᠨ ᠭᠤᠣᠯ ᠠᠵᠢᠯ ᠯᠤᠭ᠎ᠠ ᠨᠢᠭᠲᠠ ᠤᠶᠠᠯᠳᠤᠭᠤᠯᠤᠨ ᠬᠢᠨᠠᠯᠲᠠ ᠪᠠᠶᠢᠴᠠᠭᠠᠯᠲᠠ ᠥᠷᠨᠢᠭᠦᠯᠵᠦ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠲᠠᠰᠤᠷᠠᠯᠳᠠ ᠦᠭᠡᠢ ᠴᠢᠩᠳᠠᠯᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ︽ᠭᠤᠷᠪᠠᠨ ᠤᠯᠠᠨ ᠭᠤᠷᠪᠠᠨ ᠴᠦᠭᠡᠨ ᠭᠤᠷᠪᠠᠨ ᠤᠳᠠᠭᠠᠨ︾ ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠡᠷᠡᠮᠵᠢᠯᠡᠭᠦᠯᠬᠦ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ ᠬᠡᠰᠢᠬᠦᠳ ᠢ ᠬᠥᠲᠥᠯᠥᠨ ᠵᠢᠯᠣᠭᠤᠳᠴᠤ ᠪᠠᠶᠢᠭᠠᠳ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠤᠯᠤᠰ ᠲᠦᠷᠦ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠷᠢᠭᠤᠨ ᠴᠢᠬᠡᠴᠢ ᠪᠣᠳᠠᠲᠠᠢ ᠶᠢ ᠡᠷᠬᠢᠮᠯᠡᠬᠦ ᠰᠤᠷᠲᠠᠯ ᠢ ᠪᠤᠢ ᠪᠣᠯᠭᠠᠬᠤ ᠬᠡᠷᠡᠭᠲᠡᠢ᠃ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠢᠭᠤᠨ ᠴᠢᠬᠡᠴᠢ ᠪᠠᠶᠢᠭᠤᠯᠭ᠎ᠠ ᠶᠢᠨ ᠪᠠᠶᠢᠭᠤᠯᠤᠯᠲᠠ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠯᠦᠭᠡ ᠨᠢᠭᠲᠠ ᠤᠶᠠᠯᠳᠤᠭᠤᠯᠬᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠯᠤᠭ᠎ᠠ ᠨᠢᠭᠲᠠ ᠤᠶᠠᠯᠳᠤᠭᠤᠯᠬᠤ᠂ ᠲᠤᠬᠠᠶᠢᠯᠠᠭᠰᠠᠨ ᠠᠵᠢᠯ ᠯᠤᠭ᠎ᠠ ᠨᠢᠭᠲᠠ ᠤᠶᠠᠯᠳᠤᠭᠤᠯᠬᠤ᠂ ᠶᠢ ᠪᠠᠷᠢᠮᠳᠠᠯᠠᠵᠤ ᠨᠢᠭᠡ ᠴᠤᠭᠴᠠᠵᠢᠭᠤᠯᠤᠨ ᠲᠥᠯᠥᠪᠵᠢᠭᠦᠯᠦᠨ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ᠂ ᠬᠠᠮᠢᠶᠠᠷᠤᠯᠲᠠ ᠪᠣᠯᠤᠨ ᠬᠢᠨᠠᠯᠲᠠ ᠪᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号