ᠬᠤᠳᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠨᠠᠢᠮᠠᠳᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠨᠠᠢᠮᠠᠳᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠢ ᠸᠠᠨ ᠹᠠ ︽ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ  ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠶ᠎ᠠ— ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠤᠶ᠎ᠠ︾ ᠭᠡᠬᠦ ᠪᠠᠷ ᠰᠡᠳᠦᠪ ᠪᠤᠯᠭᠠᠵᠤ᠂ ︽ᠬᠥᠮᠦᠨ ᠢᠶᠠᠷ ᠦᠨᠳᠦᠰᠦ ᠪᠤᠯᠭᠠᠵᠣ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠬᠤ ᠬᠡᠷᠡᠭᠳᠡᠢ︾ ︽ᠴᠢᠩᠭ᠎ᠠ ᠪᠦᠭᠡᠳ ᠨᠢᠭᠲᠠ ᠬᠠᠷᠢᠭᠤᠴᠠᠯᠭ᠎ᠠ ᠶᠢᠨ ᠰᠢᠰᠲ᠋ᠧᠮ ᠢ ᠪᠠᠲᠤ ᠴᠤᠭᠴᠠᠯᠠᠬᠤ ᠬᠡᠷᠡᠭᠳᠡᠢ︾ ︽ᠬᠤᠷᠢᠭ᠎ᠠ ᠱᠤᠭᠤᠮ ᠤᠨ ᠰᠡᠳᠬᠢᠬᠦᠢ᠂ ᠠᠶᠤᠯ ᠲᠦᠭᠰᠢᠭᠦᠷᠢ ᠶᠢᠨ ᠭᠡᠮ ᠰᠣᠭᠤᠭ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠬᠡᠷᠡᠭᠳᠡᠢ︾ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ᠂ ᠬᠤᠷᠠᠯ ᠳᠤ ᠣᠷᠣᠯᠴᠠᠭᠰᠠᠳ ᠲᠤ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ ᠤᠯᠠᠨ ᠢᠶᠠᠷ ᠢᠶᠠᠨ ᠲᠠᠶᠢᠯᠤᠮᠵᠢ ᠶᠢ ᠰᠡᠳᠭᠢᠯ ᠲᠠᠯᠪᠢᠨ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠮᠠᠰᠢ ᠭᠦᠨ ᠵᠤᠵᠠᠭᠠᠨ ᠪᠤᠯᠭᠠᠪᠠ᠃ ᠪᠦᠬᠦ᠋ᠢᠯᠡ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ᠂ ᠪᠣᠳᠠᠲᠠᠢ ᠶᠢ ᠡᠷᠬᠢᠮᠯᠡᠭᠰᠡᠨ ᠨᠢ ᠠᠮᠢᠳᠤᠯᠢᠭ᠂ ᠤᠨᠤᠯ ᠤᠨ ᠲᠠᠶᠢᠯᠤᠮᠵᠢ ᠲᠠᠢ ᠪᠥᠭᠡᠳ ᠪᠣᠳᠠᠲᠠᠢ ᠠᠵᠢᠯᠯᠠᠭᠠᠨ ᠤ ᠵᠢᠯᠤᠭᠤᠳᠤᠯᠭ᠎ᠠ ᠲᠠᠢ ᠪᠠᠶᠢᠵᠤ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠳᠤ ᠮᠠᠰᠢ ᠴᠢᠩᠭ᠎ᠠ ᠰᠤᠷᠭᠠᠨ ᠬᠥᠮᠦᠵᠢᠭᠦᠯᠵᠦ ᠬᠦᠳᠦᠯᠦᠨ ᠳᠠᠭᠠᠭᠤᠯᠬᠤ ᠦᠢᠯᠡᠳᠦᠯ ᠦᠵᠡᠬᠦᠯᠦᠭᠰᠡᠨ ᠶᠤᠮ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠦ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠲᠡ ᠨᠠᠮᠳᠠᠭᠤᠯᠵᠤ᠂ ᠠᠰᠠᠭᠤᠳᠠᠯ ᠤᠨ ᠭᠡᠮ ᠰᠣᠭᠤᠭ ᠢ ᠡᠭᠢᠨ ᠠᠴᠠ ᠨᠢ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠭᠤᠷᠪᠠᠨ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号