ᠲᠠᠩ ᠢ ᠬᠠᠶᠢᠨᠠᠨ ᠲᠣᠭᠤᠷᠢᠭ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠦᠭᠰᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ ᠲᠣᠭᠤᠷᠢᠭ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠦᠭᠰᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃

     ᠷᠠᠰᠢᠵᠦᠩ ᠵᠡᠭᠡᠯᠢ ᠭᠤᠳᠤᠮᠵᠢ ᠶᠢᠨ ᠺᠠᠩ ᠲᠠᠢ ᠨᠡᠶᠢᠭᠡᠮ ᠲᠣᠭᠤᠷᠢᠭ ᠲᠤ᠂ ᠲᠠᠩ ᠢ ︽ᠭᠤᠷᠪᠠᠨ ᠵᠦᠢᠯ ᠤᠨ

ᠠᠵᠢᠯ︾ ᠢ ᠨᠢᠭᠡ ᠴᠤᠭᠴᠠᠵᠢᠭᠤᠯᠤᠨ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ

ᠦᠯᠦ ᠬᠥᠳᠡᠯᠬᠦ ᠬᠥᠷᠥᠩᠭᠡ ᠶᠢᠨ ᠦᠨᠡᠮᠯᠡᠯ ᠢ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ᠂ ᠰᠣᠷᠣᠯᠴᠠᠭ᠎ᠠ

ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠵᠡᠷᠭᠡ

ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ ᠬᠡᠯᠡᠭᠰᠡᠨ ᠨᠢ᠂ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ

ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠳᠣᠲᠣᠭᠠᠳᠤ ᠳᠠᠭᠠᠨ ᠨᠢᠭᠲᠠ ᠬᠤᠯᠪᠣᠭ᠎ᠠ ᠲᠠᠢ᠂

ᠰᠠᠯᠵᠤ ᠪᠤᠯᠤᠰᠢ ᠦᠭᠡᠢ ᠪᠠᠶᠢᠵᠤ᠂ ᠬᠦᠴᠦᠨ ᠢᠶᠠᠨ ᠲᠥᠪᠯᠡᠷᠡᠭᠦᠯᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂

ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠩᠭᠡᠨ ᠲᠠᠯ᠎ᠠ ᠪᠠ ᠡᠭᠢ ᠡᠭᠦᠰᠦᠯ ᠠᠴᠠ ᠵᠠᠰᠠᠵᠤ᠂ ᠠᠰᠠᠭᠤᠳᠠᠯ ᠢ

ᠪᠦᠬᠦ ᠲᠠᠯ᠎ᠠ ᠪᠠᠷ ᠰᠢᠢᠳᠪᠦᠷᠢᠯᠡᠬᠦ ᠳᠤ ᠠᠰᠢᠭᠳᠠᠢ ᠪᠠᠶᠢᠳᠠᠭ᠃ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠨᠢᠭᠡ

ᠠᠯᠬᠤᠮ ᠲᠣᠳᠣᠷᠬᠠᠶᠢᠯᠠᠵᠤ᠂ ᠠᠴᠢᠶᠠᠯᠠᠪᠤᠷᠢ ᠶᠢᠨ ᠭᠠᠷᠳᠠᠴᠠ ᠪᠠᠨ ᠣᠨᠣᠪᠴᠢᠲᠠᠶ ᠣᠯᠵᠤ᠂ ᠨᠢᠭᠡ ᠴᠣᠭᠴᠠᠵᠢᠭᠤᠯᠤᠨ

ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ 1+1+1 >3 ᠦᠷ᠎ᠡ ᠪᠦᠲᠦᠮᠵᠢ ᠳᠤ ᠬᠦᠷᠭᠡᠬᠦ

ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ ᠨᠡᠶᠢᠭᠡᠮ ᠲᠣᠭᠤᠷᠢᠭ ᠤᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠥᠷᠨᠢᠭᠦᠯᠵᠦ᠂ ᠤᠯᠠᠨ

ᠲᠦᠮᠡᠨ ᠳᠤ ᠦᠢᠯᠡᠴᠢᠯᠡᠬᠦ ᠬᠦᠴᠦᠯᠡᠬᠦ‍ ᠴᠢᠭ ᠢᠶᠠᠨ ᠣᠨᠣᠪᠴᠢᠲᠠᠢ ᠡᠷᠢᠨ ᠣᠯᠵᠤ᠂ ᠤᠯᠠᠨ ᠲᠦᠮᠡᠨ ᠤ ᠲᠠᠭᠠᠰᠢᠶᠠᠯ ᠢ

ᠣᠯᠣᠭᠰᠠᠨ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠪᠦᠲᠦᠮᠵᠢᠲᠡᠢ ᠬᠡᠷᠡᠭᠴᠡᠭᠡ ᠲᠠᠢ ᠶᠠᠪᠤᠳᠠᠯ ᠢ ᠢᠯᠡᠭᠦᠬᠡᠨ

ᠬᠢᠵᠦ᠂ ᠬᠡᠯᠪᠡᠷᠢᠴᠢ ᠦᠵᠡᠯ ᠭᠠᠷᠭᠠᠬᠤ ᠦᠭᠡᠢ ᠪᠠᠶᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢᠶᠠᠨ

ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ

ᠴᠠᠭ ᠲᠤᠬᠠᠢ ᠳᠤᠨᠢ ᠳ᠋ᠦᠩᠨᠡᠵᠦ᠂ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠵᠤ᠂

ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ

ᠠᠬᠤᠢ ᠶᠢ ᠪᠤᠢ ᠪᠣᠯᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ

ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

     ᠤᠯᠤᠰ ᠤᠨ ᠡᠨᠧᠷᠭᠢ ᠶᠢᠨ ᠨᠡᠭᠦᠷᠡᠰᠦ ᠬᠡᠦᠷᠰᠢᠭᠦᠯᠬᠦ ᠺᠣᠮᠫᠠᠨᠢ ᠶᠢᠨ ᠵᠢᠯ ᠳᠤ 360 ᠲᠦᠮᠡᠨ ᠲᠣᠨ ᠨᠡᠭᠦᠷᠡᠰᠦ

ᠬᠡᠤᠷᠰᠢᠭᠦᠯᠬᠦ ᠲᠦᠷᠦᠯ ᠵᠦᠢᠯ ᠪᠣᠯᠤᠨ ᠥᠪᠥᠷ ᠮᠣᠩᠭᠤᠯ ᠤᠨ ᠾᠧ ᠯᠢ PAN ᠰᠠᠭᠤᠷᠢ ᠨᠡᠭᠦᠷᠡᠰᠦᠲᠥ᠋ᠷᠥᠭᠴᠢ ᠶᠢᠨ

ᠰᠢᠷᠬᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠠᠩ ᠢ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

ᠲᠡᠷᠡ ᠬᠡᠯᠡᠭᠰᠡᠨ ᠨᠢ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ

ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠠᠮᠤᠷ

ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ

ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ

ᠠᠬᠢᠭᠤᠯᠬᠤ ᠬᠡᠷᠡᠭᠲᠡᠢ ᠭᠡᠵᠡᠢ᠃ ᠲᠠᠩ ᠢ ᠪᠠᠰᠠ ᠥᠪᠥᠷ ᠮᠣᠩᠭᠤᠯ ᠤᠨ ᠱᠢ ᠬᠤᠸᠠᠨ ᠰᠢᠨ᠎ᠡ ᠮᠠᠲ᠋ᠧᠷᠢᠶᠠᠯ ᠤᠨ ᠬᠤᠪᠢ

ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂

ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ

ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠳᠤᠤᠷᠠᠳᠤ ᠤᠷᠤᠰᠬᠠᠯ

ᠲᠡᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂

ᠦᠢᠯᠡᠳᠬᠦᠨ ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ

ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号