ᠲᠠᠩ ᠢ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ ᠲᠤᠰᠬᠠᠭᠰᠠᠨ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/10
     7 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ ᠲᠤᠰᠬᠠᠭᠰᠠᠨ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠵᠦ ᠬᠢᠨᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠸᠠᠩ ᠵᠢᠶ ᠫᠢᠩ ᠠᠵᠢᠯᠯᠠᠭ᠎ᠠ ᠳᠤ ᠣᠷᠣᠯᠴᠠᠪᠡ᠃

     ᠾᠧᠩ ᠲᠦᠩ ᠮᠠᠰᠢᠨ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠳᠤ᠂ ᠲᠠᠩ ᠢ ᠦᠢᠯᠡᠳᠪᠦᠷᠢ ᠶᠢᠨ

ᠲᠣᠭᠤᠷᠢᠭ ᠤᠨ ᠣᠷᠴᠢᠨ ᠲᠣᠭᠤᠷᠢᠨ᠂ ᠦᠢᠯᠡᠳᠪᠦᠷᠢᠯᠡᠯ ᠤᠨ ᠲᠠᠰᠤᠭ ᠵᠢᠴᠢ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ

ᠦᠢᠯᠡᠳᠪᠦᠷᠢᠯᠡᠯ ᠤᠨ ᠤᠷᠠᠨ ᠲᠠᠷᠬᠠᠯᠠᠯ᠂ ᠮᠡᠷᠭᠡᠵᠢᠯ ᠤᠨ ᠥᠭᠡᠷᠡᠴᠢᠯᠡᠯᠲᠡ᠂ ᠠᠰᠠᠭᠤᠳᠠᠯ ᠢ ᠴᠡᠭᠴᠡᠯᠡᠨ

ᠰᠠᠶᠢᠵᠢᠷᠠᠭᠤᠯᠤᠭᠰᠠᠨ ᠠᠬᠢᠴᠠ ᠵᠢᠴᠢ ᠵᠠᠯᠭᠠᠮᠵᠢ ᠠᠵᠢᠯ ᠤᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠢ ᠨᠠᠷᠢᠨ

ᠣᠶᠢᠯᠠᠭᠠᠪᠠ᠃ ᠲᠡᠷᠡ ᠬᠡᠯᠡᠭᠰᠡᠨ ᠨᠢ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ

ᠲᠦᠷᠦ ᠶᠢᠨ ᠡᠭᠦᠷᠭᠡ ᠪᠣᠯᠤᠨ᠎ᠠ᠂ ᠦᠷᠭᠦᠯᠵᠢᠯᠡᠨ ᠴᠢᠩᠭ᠎ᠠ ᠪᠦᠭᠡᠳ ᠪᠤᠳᠠᠳᠠᠢ ᠠᠩᠬᠠᠷᠴᠤ᠂ ᠴᠢᠩᠭ᠎ᠠ ᠪᠦᠬᠡᠳ ᠪᠤᠳᠠᠳᠠᠢ

ᠠᠳᠬᠤᠬᠤ ᠬᠡᠷᠡᠭᠲᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠰᠢ ᠶᠢᠨ ᠫᠢᠩ ᠤᠨ ᠠᠮᠢ

ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠴᠡᠭᠴᠡᠯᠡᠨ ᠰᠠᠶᠢᠵᠢᠷᠠᠭᠤᠯᠬᠤ

ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠵᠤ᠂ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ

ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠵᠤ

ᠠᠬᠤᠢ ᠶᠢᠨ ᠳᠠᠩᠰᠠ᠂ ᠠᠮᠢ ᠠᠬᠤᠢ ᠶᠢᠨ ᠳᠠᠩᠰᠠ᠂ ᠠᠯᠤᠰ ᠬᠡᠳᠦ ᠶᠢᠨ ᠳᠠᠩᠰᠠ ᠶᠢ ᠰᠠᠶᠢᠲᠤᠷ ᠪᠤᠳᠤᠵᠤ᠂ ᠠᠮᠤᠷ

ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ

ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠪᠠᠨ ᠵᠢᠷᠤᠮᠵᠢᠭᠤᠯᠵᠤ᠂ ᠦᠩᠭᠡᠨ ᠲᠠᠯ᠎ᠠ ᠪᠠ

ᠦᠨᠳᠦᠰᠦ ᠠᠴᠠ ᠨᠢ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠢ ᠶᠢ ᠣᠷᠢᠳᠠᠪᠡᠷ ᠪᠣᠲᠣᠯᠭᠢᠯᠠᠵᠤ᠂

ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢ ᠶᠢᠨ ᠲᠣᠭᠤᠷᠢᠭ ᠤᠨ

ᠶᠠᠰᠤ ᠴᠢᠨᠠᠷ ᠢᠶᠠᠨ ᠰᠢᠨ᠎ᠡ ᠪᠠᠷ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠵᠤ᠂ ᠲᠡᠷᠢᠭᠦᠨ ᠤ ᠮᠡᠷᠭᠡᠵᠢᠯ ᠲᠥᠬᠦᠭᠡᠷᠦᠮᠵᠢ ᠶᠢ

ᠢᠳᠡᠪᠬᠢᠲᠡᠢ ᠣᠷᠣᠭᠤᠯᠤᠨ ᠠᠪᠴᠢᠷᠠᠵᠤ᠂ ᠣᠷᠠᠨ ᠲᠠᠷᠬᠠᠯᠠᠯ ᠤᠨ ᠶᠠᠪᠤᠴᠠ ᠪᠠᠨ ᠰᠢᠯᠢᠳᠡᠭᠵᠢᠭᠦᠯᠵᠦ᠂ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ

ᠤᠷᠲᠤᠳᠬᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ ᠭᠡᠵᠡᠢ᠃

     ᠴᠡᠭᠡᠯ ᠠᠭᠤᠯᠠᠨ ᠤ ᠨᠡᠭᠦᠷᠡᠰᠦ ᠬᠡᠦᠷᠰᠢᠭᠦᠯᠬᠦ ᠺᠣᠮᠫᠠᠨᠢ ᠳᠤ᠂ ᠲᠠᠩ ᠢ ᠬᠠᠭᠤᠷᠠᠶ ᠪᠠᠷ ᠣᠨᠳᠠᠷᠠᠬᠤ ᠬᠡᠤᠷᠡᠰᠦ ᠶᠢ

ᠥᠭᠡᠷᠡᠴᠢᠯᠡᠨ ᠲᠡᠰ ᠳᠡᠪᠰᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ

ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂

ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ

ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢᠨ

ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠪᠣᠯᠤᠨ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠴᠠᠭ ᠲᠤᠬᠠᠢ ᠳᠤᠨᠢ ᠠᠰᠠᠭᠤᠳᠠᠯ ᠢ

ᠢᠯᠡᠷᠡᠭᠦᠯᠵᠦ᠂ ᠠᠰᠠᠭᠤᠳᠠᠯ ᠢ ᠰᠤᠳᠤᠯᠵᠤ᠂ ᠠᠰᠠᠭᠤᠳᠠᠯ ᠢ ᠰᠢᠢᠳᠪᠦᠷᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ

ᠲᠣᠭᠲᠠᠴᠠ ᠪᠠᠨ ᠪᠦᠷᠢᠨᠰᠢᠬᠦᠯᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ

ᠡᠷᠡᠰ ᠪᠠᠲᠤ ᠰᠠᠬᠢᠬᠤ ᠬᠡᠷᠡᠭᠲᠡᠢ ᠭᠡᠵᠦ ᠬᠡᠯᠡᠪᠡ᠃

     ᠮᠧᠩ ᠰᠢ ᠶᠢᠨ ᠬᠠᠶᠢᠷ ᠴᠢᠯᠠᠭᠤᠨ ᠠᠭᠤᠷᠬᠠᠢ ᠳᠤ᠂ ᠲᠠᠩ ᠢ ᠲᠡᠦᠬᠡᠨ ᠠᠴᠠ ᠦᠯᠡᠳᠡᠭᠳᠡᠵᠦ ᠢᠷᠡᠭᠰᠡᠨ

ᠠᠭᠤᠷᠬᠠᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠪᠠᠶᠢᠴᠠᠭᠠᠨ

ᠦᠵᠡᠪᠡ᠃ ᠲᠡᠷᠡ ᠬᠡᠯᠡᠭᠰᠡᠨ ᠨᠢ᠂ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ

ᠶᠠᠪᠤᠴᠠ ᠳᠤ ᠰᠢᠨ᠎ᠡ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ

ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ

ᠬᠠᠷᠠᠯᠲᠠ ᠪᠣᠯᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠡᠷᠴᠢᠮ ᠢᠶᠠᠨ

ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ

ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠡᠷᠡᠰ ᠠᠬᠢᠭᠤᠯᠵᠤ᠂ ᠡᠪᠬᠡᠮᠡᠯ ᠰᠠᠶᠢᠲᠤᠷ ᠲᠤᠰᠢᠶᠠᠬᠤ᠂ ᠳᠠᠩᠰᠠ

ᠰᠠᠶᠢᠲᠤᠷ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号