ᠮᠠᠨ ᠤ ᠬᠤᠲᠠ ᠶᠢᠨ 2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2024 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠡᠶᠢᠲᠡᠯᠡᠵᠦ᠂ ᠮᠠᠨ ᠤ ᠬᠤᠲᠠ ᠶᠢᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠬᠢᠷᠢ ᠲᠦᠪᠰᠢᠨ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃      ᠡᠭᠦᠨ ᠳᠤ᠂ ᠮᠠᠨ ᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠰᠠᠷ᠎ᠠ ᠪᠦᠷᠢ 903 ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠰᠠᠷ᠎ᠠ ᠪᠦᠷᠢ 1700 ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠣᠨᠴᠠ ᠬᠦᠴᠢᠷᠳᠡᠯᠲᠡᠶ ᠬᠥᠮᠦᠰ ᠢ ᠠᠰᠠᠷᠠᠨ ᠰᠤᠪᠢᠯᠠᠬᠤ ᠪᠠᠷᠢᠮᠵᠢᠶ᠎ᠠ ᠳᠤ᠂ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠰᠠᠷ᠎ᠠ ᠪᠦᠷᠢ 1350 ᠲᠥᠭᠦᠷᠢᠭ᠂ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠠᠯᠳᠠᠭᠰᠠᠳ ᠰᠠᠷ᠎ᠠ ᠪᠦᠷᠢ 525 ᠲᠥᠭᠦᠷᠢᠭ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠪᠠᠷ ᠦᠷᠭᠦᠯᠵᠢᠯᠡᠨ ᠤᠳᠤᠷᠢᠳᠤᠮᠵᠢ ᠪᠣᠯᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠡᠷ ᠪᠦᠯᠢ᠂ ᠵᠠᠶᠢᠯᠠᠰᠢ ᠥᠬᠡᠶ ᠵᠠᠷᠤᠯᠭ᠎ᠠ ᠪᠠᠷ ᠬᠦᠴᠢᠷᠳᠡᠯᠲᠡᠶ ᠬᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠮᠠᠭᠠᠳᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠨ ᠥᠷᠭᠡᠳᠬᠡᠨ᠂ ︽ᠨᠢᠭᠡ ᠪᠠᠷᠢᠮᠵᠢᠶ᠎ᠠ ᠪᠠᠷ ᠬᠥᠮᠥᠷᠭᠡ ᠳᠤ ᠣᠷᠣᠭᠤᠯᠬᠤ᠂ ᠲᠠᠰ ᠬᠤᠪᠢᠶᠠᠨ ᠬᠠᠮᠢᠶᠠᠷᠬᠤ᠂ ᠬᠥᠳᠡᠯᠦᠩᠭᠦᠶ ᠪᠠᠷ ᠬᠢᠨᠠᠨ ᠬᠡᠮᠵᠢᠬᠦ᠂ ᠬᠡᠷᠡᠭᠴᠡᠭᠡ ᠠᠴᠠ ᠪᠣᠯᠵᠣ ᠬᠦᠷᠭᠡᠬᠦ︾ ᠪᠠᠶᠢᠩᠭᠤᠵᠢᠭᠤᠯᠤᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠪᠠᠨ ᠪᠠᠶᠢᠭᠤᠯᠤᠨ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠬᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠤᠨ ᠶᠠᠪᠤᠳᠠᠯ ᠤᠨ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号