ᠼᠦᠢ ᠵᠢᠩ ᠶᠢᠩ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃

     ᠼᠦᠢ ᠵᠢᠩ ᠶᠢᠩ ᠨᠡᠷ ᠤᠷᠢᠳ ᠬᠤᠵᠢᠳ ᠭᠠᠨᠳᠠᠷᠢ ᠶᠠᠪᠠᠭᠠᠨ ᠬᠥᠭᠦᠷᠭᠡ᠂ ᠬᠤᠳᠠ ᠶᠢᠨ ᠤᠯᠠᠨ ᠨᠡᠶᠢᠲᠡ ᠶᠢᠨ

ᠰᠣᠶᠣᠯ ᠤᠨ ᠲᠥᠪ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠵᠢᠷᠭᠤᠳᠤᠭᠠᠷ ᠬᠡᠦᠬᠡᠳ ᠤᠨ ᠴᠡᠴᠡᠷᠯᠢᠭ ᠵᠡᠷᠭᠡ

ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ

ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ᠂ ᠡᠯᠧᠮᠧᠨ᠋ᠲ ᠤᠨ

ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠢ

ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠵᠦ᠂ ᠲᠦᠷᠦᠯ ᠵᠦᠢᠯ ᠢ ᠠᠬᠢᠭᠤᠯᠬᠤ

ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠢ ᠰᠤᠳᠤᠯᠤᠨ ᠰᠢᠢᠳᠪᠦᠷᠢᠯᠡᠪᠡ᠃

     ᠼᠦᠢ ᠵᠢᠩ ᠶᠢᠩ ᠬᠡᠯᠡᠭᠰᠡᠨ ᠨᠢ᠂ ᠪᠢᠨ ᠾᠧ ᠶᠢᠨ ᠬᠤᠶᠠᠳᠤᠭᠠᠷ ᠬᠤᠭᠤᠴᠠᠭ᠎ᠠ ᠶᠢ ᠨᠡᠭᠡᠭᠡᠨ ᠬᠥᠭᠵᠢᠭᠦᠯᠵᠦ

ᠪᠦᠳᠦᠭᠡᠨ ᠪᠠᠶᠢᠭᠤᠯᠬᠤ ᠪᠣᠯ ᠮᠠᠨ ᠤ ᠬᠤᠳᠠ ᠶᠢᠨ ᠥᠨᠳᠥᠷ ᠭᠠᠷᠤᠭ᠎ᠠ ᠠᠴᠠ ᠲᠥᠯᠥᠪᠵᠢᠭᠦᠯᠬᠦ᠂ ᠥᠨᠳᠥᠷ

ᠪᠠᠷᠢᠮᠵᠢᠶ᠎ᠠ ᠪᠠᠷ ᠵᠢᠷᠤᠵᠤ ᠲᠥᠯᠥᠪᠯᠡᠬᠦ᠂ ᠴᠢᠨᠠᠷ ᠰᠠᠶᠢᠲᠠᠢ ᠪᠠᠷ ᠴᠣᠭᠴᠠᠯᠠᠨ ᠪᠠᠶᠢᠭᠤᠯᠬᠤ ᠭᠤᠣᠯᠳᠠᠯᠭ᠎ᠠ ᠲᠠᠢ

ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ

 ᠤᠨ ᠬᠢᠨ ᠦᠨᠡᠨᠬᠦ ᠬᠠᠷᠢᠭᠤᠴᠠᠯᠭ᠎ᠠ ᠡᠭᠦᠷᠭᠡᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ

ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠠᠵᠢᠯ ᠤᠨ

ᠨᠡᠶᠢᠯᠡᠮᠡᠯ ᠬᠦᠴᠦᠨ ᠢ ᠪᠣᠶ ᠪᠣᠯᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ

ᠲᠤᠯᠭᠠᠷᠠᠭᠰᠠᠨ ᠬᠦᠴᠢᠷ ᠠᠰᠠᠭᠤᠳᠠᠯ ᠢ ᠨᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠭᠤᠤᠯᠳᠠᠯᠭ᠎ᠠ ᠲᠠᠢ

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ

ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂

ᠵᠢᠷᠤᠭ ᠡᠯᠬᠦᠨ ᠪᠠᠶᠢᠯᠳᠤᠵᠤ᠂ ᠵᠠᠮ᠂ ᠬᠤᠭᠤᠯᠠᠢ ᠶᠢᠨ ᠲᠣᠣᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ

ᠢᠨᠵᠧᠨᠧᠷᠢᠩ ᠵᠡᠷᠭᠡ ᠢᠵᠢ ᠪᠦᠷᠢᠳᠦᠬᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ

ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠴᠢᠨᠠᠷ

ᠰᠠᠶᠢᠲᠠᠢ ᠠᠮᠢᠳᠤᠷᠠᠯ ᠤᠨ ᠰᠢᠨ᠎ᠡ ᠣᠷᠣᠨ ᠵᠠᠢ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠲᠦᠷᠦᠯ

ᠵᠦᠢᠯ ᠢ ᠬᠢᠨᠠᠨ ᠲᠣᠭᠲᠠᠭᠠᠬᠤ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠲᠦᠷᠦᠯ ᠵᠦᠢᠯ ᠤᠨ ᠪᠡᠯᠡ

ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠠᠩᠰᠠᠵᠢᠭᠤᠯᠤᠨ ᠡᠮᠬᠢᠯᠡᠵᠦ᠂ ᠪᠡᠯᠡ ᠮᠥᠩᠭᠦ᠂ ᠭᠠᠷ ᠭᠦᠢᠴᠡᠳᠬᠡᠯ

ᠵᠡᠷᠭᠡ ᠬᠢᠵᠠᠭᠠᠷᠯᠠᠬᠤ ᠬᠦᠴᠦᠨ ᠵᠦᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠢ

ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ ᠤᠨ

ᠪᠣᠭᠤᠮᠲᠠ ᠶᠢ ᠴᠢᠩᠭ᠎ᠠ ᠠᠳᠬᠤᠵᠤ᠂ ᠪᠦᠬᠦ ᠶᠠᠪᠤᠴᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ

ᠴᠢᠩᠭᠠᠳᠬᠠᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂

ᠰᠣᠳᠣᠨ ᠪᠠᠷᠢᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ

ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ

ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ

ᠴᠢᠩᠭᠠᠳᠬᠠᠨ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ

 ᠪᠠᠨ ᠴᠢᠩᠭᠠᠳᠬᠠᠵᠤ᠂ ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ

ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ

ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号