ᠲᠠᠩ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠵᠠᠩ ᠮᠢᠩ ᠮᠢᠩ ᠣᠷᠣᠯᠴᠠᠪᠡ᠃

     ᠲᠠᠩ ᠢ ᠴᠡᠭᠡᠯ ᠠᠭᠤᠯᠠ ᠪᠠᠯᠭᠠᠰᠤᠨ ᠤ ᠪᠠᠶᠠᠬᠤᠰᠣ ᠲᠣᠰᠬᠤᠨ ᠤ ᠨᠠᠮ ᠪᠠ ᠤᠯᠠᠨ ᠲᠦᠮᠡᠨ ᠤ

ᠦᠢᠯᠡᠴᠢᠯᠡᠭᠡᠨ ᠤ ᠲᠥᠪ ᠲᠤ ᠬᠦᠷᠴᠦ᠂ ︽ᠭᠤᠷᠪᠠᠨ ᠵᠦᠢᠯ ᠤᠨ ᠠᠵᠢᠯ︾ ᠢ ᠨᠢᠭᠡ ᠴᠤᠭᠴᠠᠵᠢᠭᠤᠯᠤᠨ ᠠᠬᠢᠭᠤᠯᠤᠭᠰᠠᠨ

ᠪᠠ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠭᠰᠡᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂

︽ᠭᠤᠷᠪᠠᠨ ᠵᠦᠢᠯ ᠤᠨ ᠠᠵᠢᠯ︾ ᠢ ᠨᠢᠭᠡ ᠴᠤᠭᠴᠠᠵᠢᠭᠤᠯᠤᠨ ᠠᠬᠢᠭᠤᠯᠬᠤ ᠶᠢ ᠦᠨᠳᠦᠰᠦᠨ ᠱᠠᠲᠤᠨ ᠤ ᠪᠣᠳᠠᠲᠤ

ᠪᠠᠶᠢᠳᠠᠯ ᠲᠠᠢ ᠤᠶᠠᠯᠳᠤᠭᠤᠯᠵᠤ᠂ ᠴᠢᠬᠤᠯᠠ ᠪᠤᠰᠤ ᠳᠠᠪᠬᠤᠷᠳᠠᠭᠰᠠᠨ ᠲᠡᠰ ᠳᠠᠷᠠᠭᠠᠯᠠᠯ ᠢᠶᠠᠨ ᠪᠠᠭᠠᠰᠬᠠᠵᠤ᠂

ᠬᠦᠴᠦᠨ ᠢᠶᠠᠨ ᠲᠥᠪᠯᠡᠷᠡᠭᠦᠯᠦᠨ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂

ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠲᠦᠷᠢᠮ ᠤᠨ

ᠤᠬᠠᠮᠰᠠᠷ ᠢ ᠨᠢ ᠤᠯᠠᠮ ᠴᠢᠨᠠᠭᠰᠢᠳᠠ ᠴᠢᠩᠭᠠᠳᠬᠠᠵᠤ᠂ ᠬᠡᠯᠪᠡᠷᠢᠴᠢ ᠦᠵᠡᠯ ᠪᠣᠯᠤᠨ ᠵᠦᠢ ᠵᠤᠬᠢᠰ ᠦᠭᠡᠢ ᠠᠵᠢᠯ ᠤᠨ

ᠳᠠᠷᠤᠭᠠᠰᠤ ᠶᠢ ᠨᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠳᠠᠷᠤᠭᠠᠰᠤ ᠪᠠᠨ ᠬᠥᠩᠭᠡᠷᠡᠭᠦᠯᠦᠭᠰᠡᠨ ᠤ ᠳᠠᠷᠠᠭ᠎ᠠ ᠶᠠᠭᠤ

ᠬᠢᠬᠦ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠨᠡᠩ ᠤᠯᠠᠨ ᠴᠠᠭ ᠪᠣᠯᠤᠨ ᠤᠶᠤᠨ ᠴᠢᠳᠠᠯ ᠢᠶᠠᠨ ᠦᠨᠳᠦᠰᠦᠨ ᠱᠠᠲᠤᠨ ᠤ

ᠨᠡᠶᠢᠭᠡᠮ ᠤᠨ ᠵᠠᠰᠠᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠬᠠᠮᠠᠭᠠᠯᠠᠯᠲᠠ ᠶᠢ ᠰᠤᠳᠤᠯᠤᠨ ᠰᠦᠪᠡᠭᠴᠢᠯᠡᠬᠦ ᠪᠠ ᠠᠷᠠᠳ ᠤᠨ ᠲᠥᠯᠥᠭᠡ ᠪᠣᠳᠠᠲᠠᠢ ᠶᠠᠪᠤᠳᠠᠯ

ᠬᠢᠬᠦ ᠳᠡᠭᠡᠷ᠎ᠡ ᠲᠠᠯᠪᠢᠵᠤ᠂ ᠤᠯᠠᠨ ᠲᠦᠮᠡᠨ ᠤ ᠳᠤᠮᠳᠠ ᠢᠯᠡᠭᠦᠬᠡᠨ ᠬᠦᠷᠴᠦ᠂ ᠤᠯᠠᠨ ᠲᠦᠮᠡᠨ ᠲᠠᠢ ᠳᠣᠲᠣᠨᠣ ᠪᠠᠶᠢᠵᠤ᠂

ᠦᠨᠳᠦᠰᠦᠨ ᠱᠠᠲᠤᠨ ᠤ ᠠᠵᠢᠯ ᠢ ᠨᠡᠩ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ

ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠢᠨ ᠵᠣᠷᠢᠭᠲᠠᠢ ᠪᠠᠷ ᠠᠰᠠᠭᠤᠳᠠᠯ ᠢ ᠲᠤᠰᠬᠠᠵᠤ᠂ ᠳᠡᠭᠡᠳᠦ

ᠱᠠᠲᠤᠨ ᠠᠴᠠ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂

ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ

ᠳᠡᠭᠡᠭᠰᠢᠯᠡᠭᠦᠯᠬᠦ ᠬᠡᠷᠡᠭᠲᠡᠢ ᠭᠡᠵᠡᠢ᠃ ᠲᠠᠩ ᠢ ᠪᠠᠰᠠ ᠴᠤᠩᠬᠤᠪᠴᠢ ᠳᠤ ᠶᠠᠪᠤᠳᠠᠯ ᠬᠦᠢᠴᠡᠳᠭᠡᠵᠦ ᠪᠠᠶᠢᠭ᠎ᠠ ᠣᠯᠠᠨ

ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠴᠤᠩᠬᠤᠪᠴᠢ ᠶᠢᠨ ᠶᠠᠪᠤᠳᠠᠯ ᠭᠦᠢᠴᠡᠳᠭᠡᠬᠦ ᠶᠠᠪᠤᠴᠠ ᠨᠢ

ᠪᠤᠳᠤᠯᠢᠶᠠᠨᠲᠠᠶ ᠡᠰᠡᠬᠦ᠂ ᠠᠵᠢᠯ ᠨᠢ ᠥᠨᠳᠥᠷ ᠪᠦᠲᠦᠮᠵᠢᠲᠡᠶ ᠪᠠᠶᠢᠬᠤ ᠡᠰᠡᠬᠦ ᠶᠢ ᠯᠠᠪᠯᠠᠨ ᠠᠰᠠᠭᠤᠪᠠ᠃ ᠣᠯᠠᠨ

ᠲᠦᠮᠡᠨ ᠤ ᠬᠡᠷ ᠲᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠬᠦᠭᠡᠷᠦᠮᠵᠢ ᠳᠤ

ᠴᠠᠬᠢᠯᠭᠠᠨ ᠨᠡᠪᠲᠡᠷᠡᠭᠦᠯᠬᠦ ᠨᠢ ᠤᠳᠠᠭᠠᠰᠢᠷᠠᠵᠤ ᠪᠠᠶᠢᠭ᠎ᠠ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ ᠲᠣᠭᠤᠷᠢᠭ᠂

ᠪᠠᠯᠭᠠᠰᠤ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠪᠠᠨ

ᠦᠨᠡᠨ ᠬᠦ ᠴᠢᠩᠭᠠᠳᠬᠠᠵᠤ᠂ ᠱᠠᠯᠠᠪᠳᠠᠨ ᠵᠣᠬᠢᠴᠠᠭᠤᠯᠤᠨ ᠰᠢᠢᠳᠪᠦᠷᠢᠯᠡᠵᠦ᠂ ᠲᠥᠬᠦᠭᠡᠷᠦᠮᠵᠢ ᠶᠢ ᠳᠤᠯᠠᠭᠠᠯᠠᠭ᠎ᠠ ᠶᠢᠨ

ᠤᠯᠠᠷᠢᠯ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠡᠶᠢᠮᠦᠷᠬᠦ ᠠᠰᠠᠭᠤᠳᠠᠯ

ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃

     ᠸᠠᠩ ᠶᠤᠸᠠᠨ ᠳ᠋ᠢ ᠲᠣᠰᠬᠤᠨ ᠤ ᠦᠵᠡᠰᠭᠦᠯᠡᠩᠲᠤ ᠰᠠᠶᠢᠬᠠᠨ ᠵᠠᠭᠤᠨ ᠲᠣᠰᠬᠤᠨ ᠤ ᠲᠦᠷᠦᠯ ᠵᠦᠢᠯ ᠤᠨ

ᠲᠤᠬᠠᠢ ᠶᠢᠨ ᠲᠠᠯᠠᠪᠠᠢ ᠳᠤ᠂ ᠲᠠᠩ ᠢ ᠲᠥᠯᠥᠪᠵᠢᠭᠦᠯᠭᠡ ᠵᠢᠷᠤᠭ ᠲᠥᠯᠥᠪᠯᠡᠭᠡ᠂ ᠡᠵᠡᠩᠨᠡᠯᠲᠡ ᠶᠢᠨ ᠵᠠᠭᠪᠤᠷ ᠵᠡᠷᠭᠡ

ᠪᠠᠶᠢᠳᠠᠯ ᠤᠨ ᠲᠠᠨᠢᠯᠴᠠᠭᠤᠯᠭ᠎ᠠ ᠶᠢ ᠨᠢ ᠨᠠᠷᠢᠨ ᠬᠢᠨᠠᠮᠠᠭᠠᠢ ᠰᠣᠨᠣᠰᠪᠡ᠃ ᠲᠡᠷᠡ ᠬᠡᠯᠡᠭᠰᠡᠨ ᠨᠢ᠂ ᠠᠷᠠᠳ ᠤᠨ ᠣᠷᠣᠨ

ᠰᠠᠭᠤᠴᠠ ᠶᠢᠨ ᠵᠢᠭᠤᠯᠴᠢᠯᠠᠯ ᠢ ᠬᠥᠭᠵᠢᠭᠦᠯᠬᠦ ᠳᠤ ᠰᠢᠰᠲ᠋ᠧᠮ ᠲᠠᠢ ᠪᠣᠳᠣᠯᠬᠢᠯᠠᠬᠰᠠᠨ᠂ ᠪᠠᠶᠢᠷᠢ ᠲᠣᠭᠲᠠᠭᠠᠯᠲᠠ ᠪᠠᠨ

ᠣᠨᠣᠪᠴᠢᠲᠠᠢ ᠣᠯᠣᠭᠰᠠᠨ᠂ ᠣᠨᠴᠠᠯᠢᠭ ᠢᠶᠠᠨ ᠲᠤᠪᠤᠶᠢᠯᠭᠠᠭᠰᠠᠨ᠂ ᠪᠦᠲᠦᠭᠡᠯᠴᠢ ᠴᠢᠨᠠᠷᠲᠠᠢ᠂ ᠰᠢᠨ᠎ᠡ ᠰᠠᠨᠠᠭ᠎ᠠ ᠲᠠᠢ

ᠰᠡᠯᠡᠭᠦᠴᠡᠯ ᠠᠮᠠᠷᠠᠯᠲᠠ ᠶᠢᠨ ᠪᠠᠶᠢᠳᠠᠯ ᠢ ᠡᠭᠦᠳᠬᠦ ᠬᠡᠷᠡᠭᠲᠡᠢ᠃ ᠵᠢᠷᠤᠭ ᠲᠥᠯᠥᠪᠯᠡᠭᠡ ᠶᠢᠨ ᠲᠥᠰᠦᠯ ᠢᠶᠠᠨ ᠤᠯᠠᠮ ᠨᠢᠭᠡ

ᠠᠯᠬᠤᠮ ᠰᠢᠯᠢᠳᠡᠭᠵᠢᠭᠦᠯᠵᠦ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠡᠯᠧᠮᠧᠨ᠋ᠲ᠂ ᠬᠥᠳᠡᠭᠡ ᠲᠣᠰᠬᠤᠨ ᠤ

ᠥᠩᠭᠡ ᠦᠵᠡᠮᠵᠢ᠂ ᠪᠠᠶᠢᠭᠠᠯᠢ ᠶᠢᠨ ᠦᠵᠡᠮᠵᠢ ᠵᠡᠷᠭᠡ ᠡᠬᠢ ᠪᠠᠶᠠᠯᠢᠭ ᠯᠤᠭ᠎ᠠ ᠠᠭᠤᠰᠤᠯᠴᠠᠭᠤᠯᠵᠤ᠂

ᠵᠤᠭᠠᠴᠠᠭᠰᠠᠳ ᠤᠨ ᠬᠥᠳᠡᠭᠡ ᠲᠣᠰᠬᠤᠨ ᠲᠠᠢ ᠣᠶᠢᠷᠠᠲᠤᠬᠤ᠂ ᠪᠠᠶᠢᠭᠠᠯᠢ ᠳᠤ ᠪᠤᠴᠠᠵᠤ ᠣᠶᠢᠯᠠᠭᠠᠬᠤ ᠬᠡᠷᠡᠭᠴᠡᠭᠡ ᠶᠢ

ᠨᠠᠩ ᠰᠠᠶᠢᠲᠤᠷ ᠬᠠᠩᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠣᠷᠣᠭᠤᠯᠤᠯᠲᠠ

ᠭᠠᠷᠭᠠᠯᠲᠠ ᠶᠢᠨ ᠲᠠᠩᠰᠠ ᠶᠢ ᠰᠠᠶᠢᠲᠤᠷ ᠪᠤᠳᠤᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠬᠤ ᠬᠡᠷᠡᠭᠲᠡᠢ ᠭᠡᠵᠡᠢ᠃

     ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠳᠤ᠂ ᠲᠠᠩ ᠢ ᠶᠦᠨ ᠰᠢᠶᠠᠩ ᠵᠢᠵᠢᠭ ᠪᠠᠯᠭᠠᠰᠤᠨ ᠤ

ᠡᠵᠡᠩᠨᠡᠯᠲᠡ ᠶᠢᠨ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠦᠵᠡᠰᠬᠦᠯᠡᠩᠲᠦ ᠰᠠᠶᠢᠬᠠᠨ ᠬᠥᠳᠡᠭᠡ

ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠡᠵᠡᠩᠨᠡᠨ

ᠪᠣᠷᠣᠯᠠᠭᠤᠯᠬᠤ ᠠᠷᠭ᠎ᠠ ᠪᠣᠳᠣᠯᠭ᠎ᠠ ᠶᠢᠨ ᠰᠢᠨ᠎ᠡ ᠶᠢ ᠡᠭᠦᠳᠴᠦ᠂ ᠬᠡᠷᠡᠭᠯᠡᠭᠡᠨ ᠤ ᠦᠢᠯᠡᠴᠢᠯᠡᠭᠡ ᠪᠠᠨ ᠤᠷᠲᠤᠳᠬᠠᠵᠤ᠂

ᠴᠢᠭ ᠢᠶᠠᠷ ᠨᠡᠶᠢᠳᠡᠮ ᠢ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠦᠵᠦᠮ ᠤᠨ ᠬᠦᠷᠢᠶᠡᠯᠡᠩ ᠤᠨ

ᠨᠣᠭᠤᠭᠠᠨ ᠵᠠᠮ ᠳᠠᠭᠠᠤ ᠶᠢᠨ ᠡᠬᠢ ᠪᠠᠶᠠᠯᠢᠭ ᠢ ᠬᠤᠯᠪᠣᠵᠤ ᠡᠮᠬᠢᠯᠡᠨ ᠨᠡᠶᠢᠯᠡᠭᠦᠯᠵᠦ᠂ ᠬᠥᠮᠦᠰ ᠤᠨ ᠬᠦᠷᠢᠶᠡᠯᠡᠯ ᠢ ᠨᠠᠩ

ᠰᠠᠶᠢᠲᠤᠷ ᠲᠥᠪᠯᠡᠷᠡᠭᠦᠯᠵᠦ᠂ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ

ᠦᠷᠭᠦᠯᠵᠢᠯᠡᠨ ᠬᠥᠭᠵᠢᠭᠡᠬᠦ ᠬᠡᠷᠡᠭᠲᠡᠶ᠃ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ

ᠢᠳᠡᠪᠬᠢᠲᠡᠢ ᠠᠬᠢᠭᠤᠯᠵᠤ᠂ ᠦᠵᠦᠮ ᠤᠨ ᠰᠣᠶᠣᠯ ᠢ ᠵᠤᠭᠠᠴᠠᠨ ᠨᠠᠭᠠᠳᠬᠤ ᠦᠵᠡᠮᠵᠢ ᠳᠤ ᠰᠢᠭᠢᠳᠬᠡᠵᠦ᠂ ᠨᠡᠩ ᠤᠯᠠᠨ

ᠬᠥᠮᠦᠰ ᠲᠤ ᠦᠬᠠᠢ ᠶᠢᠨ ᠦᠵᠦᠮ ᠤᠨ ᠥᠪᠡᠷᠮᠢᠴᠡ ᠳᠠᠪᠠᠭᠤᠯᠢᠭ ᠢ ᠣᠶᠢᠯᠠᠭᠠᠭᠤᠯᠵᠤ᠂ ︽ᠦᠬᠠᠢ ᠶᠢᠨ ᠦᠵᠦᠮ︾

 ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠨᠡᠩ ᠢᠯᠡ ᠪᠣᠯᠭᠠᠵᠤ᠂ ᠨᠡᠩ

ᠴᠤᠤᠷᠢᠶᠠᠲᠤᠭᠤᠯᠵᠤ᠂ ᠤᠯᠠᠨ ᠠᠷᠭ᠎ᠠ ᠵᠠᠮ ᠢᠶᠠᠷ ᠲᠤᠰ ᠭᠠᠵᠠᠷ ᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ

ᠪᠦᠲᠦᠭᠡᠭᠳᠡᠬᠦᠨ ᠤ ᠪᠣᠷᠣᠯᠠᠭᠤᠯᠭ᠎ᠠ ᠶᠢ ᠳᠠᠶᠢᠴᠢᠯᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ

ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠡᠢ᠃

     ᠲᠠᠩ ᠢ ᠪᠠᠰᠠ ᠰᠢᠨ ᠳ᠋ᠢ ᠲᠣᠰᠬᠤᠨ ᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ

ᠪᠣᠯᠪᠠᠰᠤᠷᠠᠭᠤᠯᠬᠤ ᠦᠢᠯᠡᠳᠪᠦᠷᠢ ᠳᠤ ᠬᠦᠷᠴᠦ᠂ ᠲᠠᠯᠬ᠎ᠠ᠂ ᠦᠨᠳᠡᠭᠡᠲᠤ ᠪᠤᠭᠤᠷᠰᠤᠭ ᠵᠡᠷᠭᠡ ᠢᠳᠡᠭᠡᠨ

ᠦᠢᠯᠡᠳᠪᠦᠷᠢᠯᠡᠵᠦ ᠡᠳ᠋ᠰᠢᠭᠦᠯᠬᠦ ᠪᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠢ

ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠲᠦᠭᠦᠬᠡᠢ ᠮᠠᠲ᠋ᠧᠷᠢᠶᠠᠯ ᠬᠤᠳᠠᠯᠳᠤᠨ

ᠠᠪᠬᠤ᠂ ᠦᠢᠯᠡᠳᠪᠦᠷᠢᠯᠡᠵᠦ ᠡᠳ᠋ᠰᠢᠭᠦᠯᠬᠦ᠂ ᠲᠡᠭᠡᠭᠡᠪᠦᠷᠢᠯᠡᠨ ᠬᠠᠳᠠᠭᠠᠯᠠᠬᠤ᠂ ᠪᠣᠷᠣᠯᠠᠭᠤᠯᠬᠤ ᠭᠦᠢᠯᠭᠡᠭᠡ ᠵᠡᠷᠭᠡ ᠪᠦᠬᠦ

ᠶᠠᠪᠤᠴᠠ᠂ ᠡᠯ᠎ᠡ ᠭᠤᠭᠴᠤᠭ᠎ᠠ ᠶᠢ ᠴᠢᠩᠭ᠎ᠠ ᠠᠳᠬᠤᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ

ᠬᠠᠮᠢᠶᠠᠷᠤᠯᠲᠠ ᠪᠣᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ

ᠪᠠᠲᠤᠯᠠᠬᠤ ᠶᠢᠨ ᠬᠠᠮᠲᠤ ᠲᠤᠰ ᠭᠠᠵᠠᠷ ᠣᠷᠣᠨ ᠤ ᠲᠦᠷᠦᠯ ᠲᠡᠮᠳᠡᠭ ᠢ ᠢᠳᠡᠪᠬᠢᠲᠡᠢ ᠪᠤᠶᠢᠵᠢᠭᠤᠯᠵᠤ᠂ ᠢᠳᠡᠭᠡᠨ ᠤ

ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ

ᠬᠦᠴᠦᠯᠡᠨ ᠬᠤᠪᠢᠷᠠᠭᠤᠯᠵᠤ᠂ ᠬᠠᠮᠲᠤ ᠶᠢᠨ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠭᠡᠷ ᠪᠤᠯᠴᠢᠬᠠᠬᠤ ᠪᠦᠳᠦᠭᠦᠯᠢᠭ

ᠡᠵᠡᠩᠨᠡᠯᠲᠡ ᠶᠢᠨ ᠵᠠᠭᠪᠤᠷ ᠢ ᠬᠦᠴᠦᠯᠡᠨ ᠬᠤᠪᠢᠷᠠᠭᠤᠯᠵᠤ᠂ ᠡᠳ᠋ ᠬᠥᠷᠥᠩᠭᠡ ᠪᠠᠷ ᠬᠤᠪᠢ ᠣᠷᠣᠭᠤᠯᠬᠤ ᠵᠡᠷᠭᠡ ᠬᠤᠪᠢ

ᠨᠡᠶᠢᠯᠡᠭᠦᠯᠦᠭᠰᠡᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢᠵᠢᠷᠠᠯ ᠤᠨ ᠬᠦᠴᠦᠨ ᠢᠶᠠᠨ ᠨᠡᠩ

ᠰᠠᠶᠢᠲᠤᠷ ᠬᠥᠭᠵᠢᠭᠡᠵᠦ᠂ ᠠᠰᠢᠭ ᠣᠯᠵᠠᠪᠤᠷᠢ ᠪᠠᠨ ᠨᠡᠩ ᠰᠠᠶᠢᠲᠤᠷ ᠳᠡᠭᠡᠭᠰᠢᠯᠡᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号