2024 ᠤᠨ ᠤ ᠪᠦᠬᠦ ᠬᠤᠳᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/12
     7 ᠰᠠᠷ᠎ᠠ ᠶᠢᠨ 11 ᠤ ᠡᠳᠦᠷ᠂ ᠪᠦᠬᠦ ᠬᠤᠳᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠣᠯᠪᠠᠰᠤᠷᠠᠯ ᠤᠨ ᠬᠤᠷᠠᠯ ᠦᠬᠠᠢ ᠬᠤᠳᠠ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠶᠠᠪᠤᠭᠳᠠᠪᠠ᠃ ᠪᠥᠬᠦ ᠬᠤᠲᠠ ᠶᠢᠨ 75 ᠬᠤᠭᠤᠯᠠ ᠬᠠᠩᠭᠠᠬᠤ ᠴᠢᠬᠤᠯᠠ ᠲᠠᠢ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶᠂ ᠢᠳᠡᠭᠡᠨ ᠤ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠨᠡᠶᠢᠲᠡ 225 ᠬᠥᠮᠦᠨ ᠪᠣᠯᠪᠠᠰᠤᠷᠠᠯ ᠳᠤ ᠣᠷᠣᠯᠴᠠᠪᠡ᠃      ᠪᠣᠯᠪᠠᠰᠤᠷᠠᠯ ᠤᠨ ᠬᠤᠷᠠᠯ ᠳᠡᠭᠡᠷ᠎ᠡ᠂ ᠬᠤᠲᠠ᠂ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠠᠵᠢᠯᠲᠠᠳ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠲᠠᠭᠠᠯ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠢ ᠰᠤᠭᠤᠴᠢᠨ ᠪᠠᠶᠢᠴᠠᠭᠠᠬᠤ ᠵᠡᠷᠭᠡ ᠠᠭᠤᠯᠭ᠎ᠠ ᠶᠢᠨ ᠲᠤᠬᠠᠶ ᠲᠠᠶᠢᠯᠪᠤᠷᠢᠯᠠᠨ ᠵᠠᠳᠠᠯᠬᠤ ᠶᠢᠨ ᠬᠠᠮᠲᠤ᠂ ᠢᠳᠡᠭᠡᠨ ᠤ ᠵᠦᠢᠯ ᠬᠤᠳᠠᠯᠳᠤᠨ ᠠᠪᠬᠤ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠵᠠᠳᠠᠯᠤᠯᠲᠠ ᠬᠢᠪᠡ᠃      ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠠᠵᠢᠯᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠮᠰᠠᠷ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号