ᠬᠤᠲᠠ ᠶᠢᠨ ᠤᠯᠤᠰ ᠲᠥᠷᠥ ᠶᠢᠨ ᠵᠥᠪᠯᠡᠯᠭᠡᠨ 2024 ᠣᠨ ᠤ ︽ᠭᠡᠰᠢᠭᠦᠳ ᠤᠨ ᠶᠠᠷᠢᠶᠠᠨ ᠤ ᠲᠠᠩᠬᠢᠮ︾ ᠡᠷᠭᠢᠯᠡᠪᠡ
ᠨᠡᠶᠢᠲᠡᠯᠡᠭᠰᠡᠨ ᠴᠠᠭ᠄
2024/7/12
     7 ᠰᠠᠷ᠎ᠠ ᠶᠢᠨ 10 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ 2024 ᠣᠨ ᠤ ︽ᠭᠡᠰᠢᠭᠦᠳ ᠤᠨ ᠶᠠᠷᠢᠶᠠᠨ ᠤ ᠲᠠᠩᠬᠢᠮ︾ ᠶᠠᠪᠤᠭᠳᠠᠪᠠ᠃      ᠶᠠᠷᠢᠶᠠᠨ ᠤ ᠲᠠᠩᠬᠢᠮ ᠤᠨ ᠬᠢᠴᠢᠶᠡᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠰᠢᠤᠢ ᠸᠧᠶ ᠬᠤᠸᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ  ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠶ᠎ᠠ︾ ᠭᠡᠬᠦ ᠰᠡᠳᠦᠪ ᠪᠤᠯᠭᠠᠵᠤ᠂ ᠴᠠᠭ ᠦᠶ᠎ᠡ ᠶᠢᠨ ᠰᠣᠳᠣᠯᠭᠠᠨ  ᠤ ᠰᠡᠳᠤᠪ᠂ ᠣᠨᠣᠯ ᠤᠨ ᠵᠢᠯᠣᠭᠤᠳᠣᠯᠭ᠎ᠠ ᠵᠡᠷᠭᠡ ᠲᠠᠯ᠎ᠠ ᠪᠠᠷ᠂ ᠣᠳᠣᠬᠠᠨ ᠤ ᠪᠠᠶᠢᠳᠠᠯ ᠪᠠ ᠲᠡᠤᠬᠡ ᠶᠢᠨ ᠬᠥᠭᠵᠢᠯᠲᠡ ᠶᠢᠨ ᠵᠢᠮ᠎ᠡ ᠶᠣᠰᠣ ᠲᠠᠢ ᠤᠶᠠᠯᠳᠤᠭᠤᠯᠤᠨ ᠲᠤᠰᠬᠠᠶ ᠰᠡᠳᠦᠪᠲᠦ ᠲᠠᠶᠢᠯᠤᠮᠵᠢ ᠬᠢᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠩ ᠱᠧᠩ ᠴᠣᠣ ︽ᠡᠷᠡᠭᠦᠯ ᠮᠡᠨᠳᠦ ᠪᠡᠶ᠎ᠡ ᠰᠤᠪᠢᠯᠠᠬᠤ ᠮᠡᠳᠡᠯᠭᠡ— ᠲᠠᠷᠢᠬᠢᠨ ᠤ ᠰᠠ ᠡᠪᠡᠳᠴᠢᠨ ᠤ ᠡᠬᠢᠨ ᠤ ᠬᠤᠭᠤᠴᠠᠭ᠎ᠠ ᠶᠢ ᠢᠯᠭᠠᠨ ᠲᠠᠨᠢᠬᠤ ᠪᠠ ᠰᠡᠷᠭᠡᠶᠢᠯᠡᠬᠦ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠵᠦ᠂ ᠲᠠᠷᠢᠬᠢᠨ ᠤ ᠰᠠ ᠡᠪᠡᠳᠴᠢᠨ ᠤ ᠤᠬᠠᠭᠳᠠᠬᠤᠨ᠂ ᠲᠥᠷᠥᠯ ᠬᠡᠯᠪᠡᠷᠢ᠂ ᠤᠷᠢᠳᠴᠢᠯᠠᠨ ᠰᠡᠷᠭᠡᠶᠢᠯᠡᠬᠦ᠂ ᠲᠦᠷᠭᠡᠨ ᠠᠪᠤᠷᠠᠬᠤ ᠵᠡᠷᠭᠡ ᠲᠠᠯ᠎ᠠ ᠪᠠᠷ ᠡᠮᠴᠢᠯᠡᠭᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠪᠥᠬᠦ ᠲᠠᠯ᠎ᠠ ᠪᠠᠷ ᠨᠠᠷᠢᠨ ᠨᠢᠮᠪᠠᠶ ᠲᠦᠭᠡᠮᠡᠯᠵᠢᠭᠦᠯᠪᠡ᠃ ᠲᠠᠶᠢᠯᠤᠮᠵᠢ ᠳᠠᠭᠤᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠨ ᠭᠡᠰᠢᠭᠦᠳ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠤᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠤᠨ᠎ᠠ᠃ ᠡᠭᠦᠨ ᠤ ᠬᠠᠮᠲᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠡᠭᠦᠯ ᠡᠩᠭᠡ ᠦᠬᠠᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠴᠡᠭᠡᠵᠢᠯᠡᠵᠦ᠂ ᠥᠨᠳᠥᠷ ᠪᠦᠲᠦᠮᠵᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ︽5+2+2︾ ︽ᠭᠡᠰᠢᠭᠦᠳ ᠤᠨ ᠲᠠᠰᠬᠠᠯ︾ ᠢᠶᠠᠨ ᠴᠢᠨᠠᠷ ᠰᠠᠶᠢᠲᠠᠢ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠳᠤᠮᠳᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号