2024 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠬᠤᠷᠢᠨ ᠲᠠᠪᠤᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠣᠶᠣᠯ ᠤᠷᠠᠯᠢᠭ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 12 ᠤᠨ ᠡᠳᠦᠷ᠂ 2024 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠬᠤᠷᠢᠨ ᠲᠠᠪᠤᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠣᠶᠣᠯ ᠤᠷᠠᠯᠢᠭ ᠤᠨ ᠨᠠᠶᠢᠷ ᠡᠬᠢᠯᠡᠵᠦ᠂ ᠠᠵᠢᠯᠯᠠᠭ᠎ᠠ ᠨᠢ ᠬᠤᠲᠠ ᠶᠢᠨ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠣᠯᠪᠠᠰᠤᠨ ᠡᠶ᠎ᠡ ᠵᠣᠬᠢᠴᠠᠩᠭᠤᠶ᠂ ᠢᠳᠡᠪᠬᠢᠲᠡᠢ ᠥᠭᠡᠳᠡᠯᠡᠨ ᠳᠠᠪᠰᠢᠬᠤ ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃      ᠡᠨᠡ ᠵᠢᠯ ᠤᠨ ᠨᠡᠶᠢᠭᠡᠮ ᠲᠣᠭᠤᠷᠢᠭ ᠤᠨ ᠰᠣᠶᠣᠯ ᠤᠷᠠᠯᠢᠭ ᠤᠨ ᠨᠠᠶᠢᠷ ︽ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠬᠠᠶᠢᠷᠤᠪ ᠤᠨ ᠲᠤᠬᠤᠢ  ᠮᠠᠭᠳᠠᠨ ᠲᠠᠭᠤᠯᠠᠰᠢᠭᠤᠳᠠᠢ ᠰᠢᠨ᠎ᠡ ᠴᠠᠭ ᠦᠶ᠎ᠡ︾ ᠭᠡᠬᠦ ᠪᠠᠷ ᠭᠤᠣᠯ ᠰᠡᠳᠦᠪ ᠪᠣᠯᠭᠠᠵᠤ᠂ 12 ᠤᠨ ᠡᠳᠦᠷ ᠠᠴᠠ ᠡᠬᠢᠯᠡᠨ᠂ 6 ᠡᠳᠦᠷ ᠲᠠᠷᠠᠭᠠᠯᠠᠨ ᠲᠤᠭᠯᠠᠯᠳᠠ ᠭᠠᠷᠭᠠᠬᠤ ᠪᠤᠯᠤᠨ᠎ᠠ᠃ ᠲᠤᠬᠠᠶ ᠶᠢᠨ ᠦᠶ᠎ᠡ ᠳᠤ᠂ ᠬᠤᠲᠠ ᠶᠢᠨ ᠠᠷᠠᠳ ᠦᠬᠠᠶ ᠶᠢᠨ ᠤᠯᠠᠭᠠᠨᠮᠥ᠋ᠴᠢᠷ᠂ ᠪᠠᠭᠠᠴᠤᠳ ᠤᠨ ᠪᠥᠵᠢᠭ᠂ ᠠᠷᠠᠳ ᠤᠨ ᠲᠠᠭᠤᠤ ᠤᠷᠠᠯᠢᠭ᠂ ᠳᠡᠯᠭᠡᠷᠡᠭᠰᠡᠨ ᠳᠠᠭᠤᠤ ᠬᠥᠭᠵᠢᠮ ᠵᠡᠷᠭᠡ ᠲᠤᠰᠬᠠᠶ ᠲᠣᠭᠯᠠᠯᠲᠠ ᠶᠢ ᠰᠣᠨᠢᠷᠬᠠᠵᠤ ᠪᠣᠯᠤᠨ᠎ᠠ᠃      ᠬᠤᠳᠠ ᠶᠢᠨ ᠠᠷᠠᠳ ᠭᠤᠣᠯ ᠬᠤᠷᠠᠯ ᠤᠨ ᠲᠠᠯᠠᠪᠠᠢ ᠪᠤᠯᠬᠤ ᠬᠤᠲᠠ ᠶᠢᠨ ᠠᠷᠠᠳ ᠤᠨ ᠴᠡᠴᠡᠷᠯᠢᠭ ᠤᠨ ᠶᠠᠪᠠᠭᠠᠨ ᠵᠠᠮ ᠢᠶᠠᠷ ᠨᠢᠭᠡ ᠲᠤᠭᠤᠷᠢᠭ ᠵᠤᠭᠠᠴᠠᠪᠠᠯ᠂ ᠠᠹᠷᠢᠺᠠ ᠲᠢᠪ ᠤᠨ ᠬᠡᠩᠭᠡᠷᠭᠡ ᠶᠢᠨ ᠲᠣᠭᠯᠠᠯᠲᠠ᠂ ᠵᠠᠭᠤᠨ ᠬᠥᠮᠦᠨ ᠤ ᠡᠷᠲᠡᠨ ᠤ ᠶᠠᠲᠤᠭ᠎ᠠ ᠶᠢᠨ ᠬᠦᠭᠵᠢᠮ᠂ ᠵᠠᠭᠤᠨ ᠮᠧᠲᠷ ᠤᠷᠳᠤ ᠡᠪᠬᠡᠮᠡᠯ ᠵᠢᠷᠤᠭ ᠵᠡᠷᠭᠡ ᠶᠢ ᠪᠡᠶᠡᠴᠢᠯᠡᠨ ᠣᠶᠢᠯᠠᠭᠠᠵᠤ᠂ ᠴᠡᠴᠡᠷᠯᠢᠭ ᠤᠨ ᠭᠠᠵᠠᠷ ᠪᠣᠯᠭᠠᠨ ᠳᠤ ᠰᠣᠶᠣᠯ ᠤᠨ ᠬᠥᠭ ᠠᠶᠠᠰ ᠢᠶᠠᠷ ᠪᠢᠯᠬᠠᠵᠤ ᠪᠠᠶᠢᠬᠤ ᠶᠢ ᠣᠯᠵᠣ ᠬᠠᠷᠠᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号