ᠦᠪᠡᠷᠳᠡᠭᠡᠨ ᠰᠤᠷᠤᠯᠴᠠᠬᠤ ᠨᠢ ᠴᠢᠳᠠᠪᠤᠷᠢᠳᠠᠨ ᠪᠤᠯᠬᠤ ᠶᠢᠨ ᠴᠢᠬᠤᠯᠠ ᠨᠦᠬᠦᠴᠡᠯ ᠪᠤᠯᠤᠨ᠎ᠠ᠃ ᠤᠴᠢᠷ ᠨᠢ᠄ | 1.ᠴᠠᠭ ᠤᠨ ᠲᠠᠯ᠎ᠠ ᠪᠠᠷ᠂ ᠦᠪᠡᠷᠳᠡᠭᠡᠨ ᠰᠤᠷᠤᠯᠴᠠᠬᠤ ᠨᠢ ᠨᠠᠰᠤᠨ ᠲᠤᠷᠰᠢᠳᠠ ᠶᠢᠨ ᠰᠤᠷᠤᠯᠭ᠎ᠠ ᠪᠤᠯᠤᠨ᠎ᠠ᠃ | ᠬᠦᠮᠦᠨ ᠤ ᠮᠡᠳᠡᠯᠭᠡ ᠶᠢᠨ ᠵᠠᠭᠤᠨ ᠤ ᠭᠤᠴᠢ ᠨᠢ ᠰᠤᠷᠭᠠᠭᠤᠯᠢ ᠳᠤ ᠰᠤᠷᠤᠯᠴᠠᠬᠤ ᠵᠢᠩᠭᠢᠨᠢ ᠰᠤᠷᠭᠠᠨ ᠬᠦᠮᠦᠵᠢᠯ | ᠢᠶᠠᠷ ᠡᠵᠡᠮᠰᠢᠳᠡᠭ᠃ ᠶᠡᠬᠡᠩᠭᠢ ᠶᠢ ᠬᠠᠰᠢᠯᠠ ᠠᠵᠢᠯ ᠰᠤᠷᠤᠯᠭ᠎ᠠ ᠶᠢᠨ ᠲᠤᠮᠳᠠ ᠡᠵᠡᠮᠰᠢᠭᠳᠡᠳᠡᠭ᠃ ᠤᠳᠤ ᠦᠶ᠎ᠡ ᠶᠢᠨ | ᠰᠤᠷᠭᠠᠨ ᠬᠦᠮᠦᠵᠢᠯ ᠪᠤᠯ ᠨᠠᠰᠤᠨ ᠲᠤᠷᠰᠢᠳᠠ ᠶᠢᠨ ᠰᠤᠷᠭᠠᠨ ᠬᠦᠮᠦᠵᠢᠯ ᠤᠯᠠᠮᠵᠢᠯᠠᠯᠳᠤ ᠰᠤᠷᠭᠠᠨ ᠬᠦᠮᠦᠵᠢᠯ ᠢ | ᠤᠷᠤᠯᠠᠬᠤ ᠨᠢᠭᠡ ᠯᠡ ᠲᠡᠭᠡᠷ᠎ᠡ ᠪᠡᠶᠡᠯᠡᠭᠳᠡᠬᠦ ᠰᠤᠷᠭᠠᠨ ᠬᠦᠮᠦᠵᠢᠯ ᠪᠤᠯᠤᠨ᠎ᠠ᠃ ᠦᠪᠡᠰᠦᠪᠡᠨ ᠰᠤᠷᠬᠤ ᠨᠢ ᠨᠠᠰᠤᠨ | ᠲᠤᠷᠰᠢᠳᠠ ᠶᠢᠨ ᠰᠤᠷᠭᠠᠨ ᠬᠦᠮᠦᠵᠢᠯ ᠤᠨ ᠠᠷᠭ᠎ᠠ ᠪᠠᠷᠢᠯ ᠤᠨ ᠨᠢᠭᠡ ᠨᠢ ᠪᠤᠯᠬᠤ ᠶᠤᠮ᠃ | 2.ᠬᠠᠷᠠᠯᠳᠠ ᠶᠢᠨ ᠲᠠᠯ᠎ᠠ ᠪᠠᠷ᠂ ᠦᠪᠡᠰᠦᠪᠡᠨ ᠰᠤᠷᠬᠤ ᠨᠢ ᠤᠯᠠᠨ ᠲᠠᠯ᠎ᠠ ᠪᠠᠷ ᠮᠡᠷᠭᠡᠵᠢᠬᠦ ᠲᠡᠰᠢ ᠬᠦᠭᠵᠢᠵᠤ | ᠪᠠᠶᠢᠨ᠎ᠠ᠃ ᠡᠭᠦᠨ ᠳᠤ ︽ᠬᠦᠳᠡᠯᠮᠦᠷᠢ ᠶᠢᠨ ᠶᠢᠷᠳᠢᠨᠴᠦ ᠳᠤ ᠴᠢᠭᠯᠡᠬᠦ︾ ᠨᠢ ᠰᠤᠷᠭᠠᠨ ᠬᠦᠮᠦᠵᠢᠯ ᠤᠨ ᠬᠦᠭᠵᠢᠯᠳᠠ ᠶᠢᠨ | ᠲᠡᠯᠡᠬᠡᠢ ᠨᠡᠶᠢᠳᠡ ᠶᠢᠨ ᠬᠠᠨᠳᠤᠰᠢ ᠪᠤᠯᠵᠤ ᠪᠠᠶᠢᠨ᠎ᠠ᠃ ᠤᠳᠤ ᠦᠶ᠎ᠡ ᠶᠢᠨ ᠰᠢᠨᠵᠢᠯᠡᠬᠦ ᠤᠬᠠᠭᠠᠨ ᠤ ᠨᠢᠰᠬᠦ ᠬᠦᠭᠵᠢᠯᠳᠡ | ᠨᠢ ᠬᠦᠮᠦᠰ ᠤᠨ ᠨᠡᠩ ︽ᠦᠷᠭᠡᠨ ᠮᠡᠳᠡᠯᠭᠡ ᠪᠠᠷ ᠦᠭᠡᠳᠡᠯᠡᠬᠦ︾ ᠶᠢ ᠱᠠᠭᠠᠷᠳᠠᠵᠤ ᠪᠠᠶᠢᠬᠤ ᠪᠠᠷ ᠪᠠᠷᠠᠬᠤ ᠦᠭᠡᠢ᠂ | ᠰᠡᠳᠭᠢᠵᠤ ᠪᠤᠳᠤᠬᠤ᠂ ᠵᠢᠷᠤᠵᠤ ᠲᠦᠯᠦᠪᠯᠡᠬᠦ᠂ ᠡᠭᠦᠳᠦᠨ ᠪᠦᠳᠦᠭᠡᠭᠦ᠂ ᠬᠠᠮᠢᠶᠠᠷᠴᠤ ᠳᠣᠳᠤᠮᠳᠠᠬᠤ᠂ ᠵᠠᠳᠠᠯᠤᠨ ᠰᠢᠨᠵᠢᠯᠡᠬᠦ | ᠴᠢᠳᠠᠪᠤᠷᠢ ᠬᠢᠭᠡᠳ ᠠᠰᠠᠭᠤᠳᠠᠯ ᠰᠢᠢᠳᠪᠦᠷᠢᠯᠡᠬᠦ ᠴᠢᠳᠠᠪᠤᠷᠢ ᠲᠠᠢ ᠪᠤᠯᠬᠤ ᠶᠢ ᠴᠢᠬᠤᠯᠠᠴᠢᠯᠠᠵᠤ ᠪᠤᠢ᠃ | 3.ᠬᠤᠵᠢᠮ ᠤᠨ ᠦᠪᠡᠰᠦᠪᠡᠨ ᠰᠤᠷᠬᠤ ᠰᠤᠷᠤᠯᠭ᠎ᠠ ᠶᠢᠨ ᠲᠠᠯ᠎ᠠ ᠪᠠᠷ᠂ ᠦᠯᠡᠮᠵᠢ ᠪᠠᠶᠠᠯᠢᠭ ᠡᠷᠳᠡᠮ ᠮᠡᠳᠡᠯᠭᠡ | ᠲᠠᠢ᠂ ᠪᠤᠳᠤᠵᠤ ᠰᠡᠳᠭᠢᠭᠦ ᠳᠡᠭᠡᠨ ᠴᠢᠳᠠᠮᠠᠭᠠᠢ ᠪᠦᠭᠡᠳ ᠠᠰᠠᠭᠤᠳᠠᠯ ᠰᠢᠢᠳᠪᠦᠷᠢᠯᠡᠬᠦ ᠵᠡᠷᠭᠡ ᠤᠯᠠᠨ ᠲᠠᠯ᠎ᠠ ᠶᠢᠨ | ᠴᠢᠳᠠᠪᠤᠷᠢ ᠲᠠᠢ ᠬᠦᠮᠦᠨ ᠪᠤᠯᠤᠨ ᠬᠦᠮᠦᠵᠢᠭᠳᠡᠬᠦ ᠪᠠᠷ ᠬᠠᠷᠠᠯᠳᠠ ᠪᠠᠨ ᠪᠤᠯᠭᠠᠪᠠᠯ ᠵᠤᠬᠢᠨ᠎ᠠ᠃ | 4.ᠤᠳᠤᠬᠠᠨ ᠳᠤ᠂ ᠮᠡᠳᠡᠭᠡ ᠵᠠᠩᠭᠢ ᠶᠢᠨ ᠬᠡᠮᠵᠢᠶ᠎ᠡ ᠠᠶᠢᠬᠤᠪᠳᠤᠷ ᠲᠦᠷᠭᠡᠨ ᠬᠦᠭᠵᠢᠵᠤ ᠪᠠᠶᠢᠨ᠎ᠠ᠃ | ᠦᠪᠡᠷᠳᠡᠭᠡᠨ ᠰᠤᠷᠬᠤ ᠳᠤ ᠰᠤᠷᠤᠯᠭ᠎ᠠ ᠶᠢᠨ ᠲᠠᠯ᠎ᠠ ᠪᠠᠷ ᠬᠥᠨᠳᠦᠯᠡᠨ ᠬᠤᠯᠪᠤᠭᠠᠯᠠᠯ ᠲᠠᠢ ᠰᠤᠷᠤᠯᠭ᠎ᠠ ᠪᠠ ᠬᠤᠵᠢᠮ ᠢ | ᠪᠤᠳᠤᠯᠬᠢᠯᠠᠬᠤ ᠭᠤᠯᠳᠤ ᠴᠢᠭᠯᠡᠯᠳᠦ ᠰᠤᠷᠤᠯᠭ᠎ᠠ ᠶᠢ ᠴᠢᠬᠤᠯᠠᠴᠢᠯᠠᠬᠤ ᠨᠢ ᠲᠠᠮᠵᠢᠭ ᠦᠭᠡᠢ᠃ ᠡᠭᠦᠨ ᠠᠴᠠ ᠦᠵᠡᠬᠦᠯ᠎ᠡ | ᠡᠯ᠎ᠡ ᠲᠤᠰᠬᠠᠢ ᠰᠢᠨᠵᠢᠯᠡᠭᠡᠨ ᠤ ᠰᠠᠯᠠᠭ᠎ᠠ ᠬᠤᠭᠤᠷᠤᠨᠳᠤ ᠪᠠᠨ ᠨᠡᠪᠴᠢᠭᠰᠡᠨ ᠪᠦᠭᠡᠳ ᠨᠢᠭᠳᠠ ᠬᠤᠯᠪᠤᠭᠳᠠᠯ ᠲᠠᠢ | ᠰᠤᠷᠤᠯᠭ᠎ᠠ ᠶᠢ ᠴᠢᠬᠤᠯᠠᠴᠢᠯᠠᠬᠤ ᠪᠤᠯᠤᠨ᠎ᠠ᠃ | 5.ᠠᠷᠭ᠎ᠠ ᠪᠠᠷᠢᠯ ᠤᠨ ᠲᠠᠯ᠎ᠠ ᠪᠠᠷ ᠲᠧᠭᠨᠢᠭ ᠮᠡᠷᠭᠡᠵᠢᠯ ᠬᠡᠷᠡᠭᠯᠡᠬᠦ ᠪᠠᠷ ᠭᠤᠥᠯ ᠪᠤᠯᠭᠠᠨ᠎ᠠ᠃ | 6.ᠬᠤᠪᠢᠷᠠᠯᠳᠠ ᠶᠢᠨ ᠲᠠᠯ᠎ᠠ ᠪᠠᠷ᠂ ᠦᠪᠡᠰᠦᠪᠡᠨ ᠰᠤᠷᠬᠤ ᠳᠤ ᠭᠡᠷ ᠪᠦᠯᠢ ᠪᠠᠷ ᠬᠢᠴᠢᠶᠠᠯ ᠤᠨ ᠲᠠᠩᠭᠢᠮ | ᠪᠤᠯᠭᠠᠵᠤ ᠪᠤᠯᠤᠨ᠎ᠠ᠃ | ᠲᠡᠭᠡᠷᠡᠬᠢ ᠶᠢ ᠶᠡᠷᠦᠩᠬᠡᠶᠢᠯᠡᠪᠡᠯ᠄ ᠤᠳᠤᠬᠢᠴᠢᠯᠠᠭᠰᠠᠨ ᠰᠤᠷᠭᠠᠨ ᠬᠦᠮᠦᠵᠢᠯ ᠤᠨ ᠲᠧᠭᠨᠢᠭ ᠮᠡᠷᠭᠡᠵᠢᠯ ᠤᠨ ᠠᠷᠭ᠎ᠠ | ᠪᠠᠷᠢᠯ ᠭᠠᠷᠴᠤ ᠢᠷᠡᠭᠰᠡᠨ ᠢᠶᠠᠷ ᠦᠪᠡᠰᠦᠪᠡᠨ ᠰᠤᠷᠬᠤ ᠨᠢ ᠭᠡᠷ ᠪᠦᠯᠢ ᠪᠠᠷ ᠬᠢᠴᠢᠶᠡᠯ ᠤᠨ ᠲᠠᠩᠭᠢᠮ ᠪᠤᠯᠭᠠᠬᠤ ᠰᠢᠨ᠎ᠡ | ᠶᠠᠪᠤᠳᠠᠯ ᠪᠤᠯᠵᠠᠢ᠃ |