ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠪᠣᠯᠤᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠿᠦᠩ ᠰᠢᠶᠠᠨ ᠤ ᠲᠤᠸᠠᠨ ᠵᠧᠦ ᠳᠡᠯᠡᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠰᠡᠳᠡᠷᠡᠭᠰᠡᠨ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠪᠠ ᠭᠠᠵᠠᠷ ᠤᠨ ᠭᠠᠶ ᠭᠠᠮᠰᠢᠭ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠡᠳ᠋ ᠪᠣᠳᠠᠰ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤᠨ ᠳᠤ ᠵᠢᠪᠪᠦᠬᠦ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢᠶᠠᠨ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠤᠰᠤᠨ ᠳᠤ ᠤᠨᠠᠭᠰᠠᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠬᠦᠷᠢᠶ᠎ᠡ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠᠨ ᠦᠨᠡᠨᠬᠦ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ ᠦᠨᠡᠯᠡᠨ ᠵᠢᠱᠢᠬᠦ ᠲᠣᠭᠲᠠᠴᠠ ᠪᠠᠨ ᠪᠠᠶᠢᠭᠤᠯᠤᠨ ᠪᠦᠷᠢᠨᠰᠢᠬᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠡᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠭᠡᠬᠦ ᠴᠢᠬᠤᠯᠠ ᠵᠢᠭᠠᠪᠤᠷᠢ ᠱᠠᠭᠠᠷᠳᠠᠯᠭ᠎ᠠ ᠪᠠᠷ ᠠᠵᠢᠯ ᠤᠨ ᠵᠢᠷᠤᠮᠯᠠᠯ ᠪᠣᠯᠭᠠᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠰᠠᠶᠢᠲᠤᠷ ᠠᠳᠬᠤᠨ ᠪᠣᠳᠠᠲᠠᠶᠢᠵᠢᠭᠤᠯᠬᠤ ᠬᠡᠷᠡᠭᠲᠡᠢ᠃ ︽ᠳᠤᠯᠤᠭ᠎ᠠ ᠶᠢ ᠵᠠᠰᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠠᠵᠤ ᠠᠬᠤᠢ ᠶᠢᠨ ᠲᠠᠩᠰᠠ᠂ ᠠᠮᠢ ᠠᠬᠤᠢ ᠶᠢᠨ ᠲᠠᠩᠰᠠ᠂ ᠠᠯᠤᠰ ᠬᠡᠳᠦ ᠶᠢᠨ ᠲᠠᠩᠰᠠ ᠶᠢ ᠰᠠᠶᠢᠲᠤᠷ ᠪᠤᠳᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠦᠷᠦᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠦᠭᠡᠳ ᠪᠣᠳᠠᠲᠠᠢ ᠠᠳᠬᠤᠵᠤ᠂ ᠰᠢᠰᠲ᠋ᠧᠮ ᠲᠠᠢ ᠪᠠᠷ ᠵᠠᠰᠠᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠪᠡᠯᠡ ᠮᠥᠩᠭᠦ ᠶᠢᠨ ᠣᠷᠣᠭᠤᠯᠤᠯᠲᠠ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠢᠯᠯᠠᠭᠠᠨ ᠤ ᠬᠠᠮᠢᠶᠠᠷᠤᠯᠲᠠ ᠶᠢᠨ ᠲᠦᠷᠢᠮ ᠲᠣᠭᠲᠠᠴᠠ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠡᠯᠪᠡᠭ ᠭᠠᠵᠠᠷ ᠣᠷᠣᠨ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠢᠳᠡᠪᠬᠢᠲᠡᠢ ᠵᠣᠯᠭᠠᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠭᠤᠳ ᠣᠷᠣᠨ︾ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠦᠯᠢᠭᠡᠷ ᠳᠠᠭᠤᠷᠢᠶᠠᠯ ᠢ ᠡᠭᠦᠳᠬᠦ ᠬᠡᠷᠡᠭᠲᠡᠢ᠃ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠢ ᠪᠠᠷ ᠣᠷᠣᠭᠤᠯᠤᠨ ᠠᠪᠴᠢᠷᠠᠬᠤ ᠣᠶᠢᠯᠠᠭᠠᠭᠳᠠᠬᠤᠨ  ᠢᠶᠠᠨ ᠴᠢᠩᠭᠠᠳᠬᠠᠵᠤ᠂ ᠥᠮᠴᠢᠯᠡᠬᠦ ᠶᠢ ᠬᠥᠭᠡᠭᠡᠴᠡᠯᠳᠦᠬᠦ ᠦᠭᠡᠢ ᠪᠤᠯᠪᠠᠴᠦ ᠬᠡᠷᠡᠭᠯᠡᠬᠦ ᠶᠢ ᠬᠥᠭᠡᠭᠡᠴᠡᠯᠳᠦᠵᠦ᠂ ᠪᠠᠶᠢᠬᠤ ᠶᠢ ᠬᠥᠭᠡᠭᠡᠴᠡᠯᠳᠦᠬᠦ ᠦᠭᠡᠢ ᠪᠤᠯᠪᠠᠴᠦ ᠦᠢᠯᠡᠳᠦᠯᠭᠡ ᠲᠠᠢ ᠪᠠᠶᠢᠬᠤ ᠶᠢ ᠬᠥᠭᠡᠭᠡᠴᠡᠯᠳᠦᠵᠦ᠂ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠬᠡᠷᠡᠭᠯᠡᠵᠦ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠲᠠᠲᠠᠵᠤ᠂ ᠨᠡᠩ ᠤᠯᠠᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠬᠡᠷᠡᠭᠲᠡᠢ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠵᠠᠬ᠎ᠠ ᠳᠡᠯᠭᠡᠭᠦᠷᠴᠢᠯᠡᠬᠦ ᠴᠢᠭᠯᠡᠯ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ︽ᠦᠨᠡᠨ ᠠᠯᠲᠠ ᠮᠥᠩᠭᠦ︾ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠤᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠬᠤᠪᠢᠷᠠᠭᠤᠯᠬᠤ ᠦᠷ᠎ᠡ ᠪᠦᠲᠦᠮᠵᠢ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠠᠰᠢᠭ ᠣᠯᠵᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠶ ᠰᠠᠨᠠᠯ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠮᠴᠢᠯᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠤᠷᠰᠢᠯᠲᠠ ᠶᠢᠨ ᠴᠢᠭ ᠤᠨ ᠠᠵᠢᠯ ᠢᠶᠠᠨ ᠰᠠᠶᠢᠲᠤᠷ ᠪᠦᠭᠡᠳ ᠪᠤᠳᠠᠳᠠᠢ ᠠᠳᠬᠤᠨ ᠦᠷ᠎ᠡ ᠪᠦᠲᠦᠮᠵᠢ ᠭᠠᠷᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠶᠡᠷᠦᠩᠬᠡᠢ ᠬᠠᠷᠠᠯᠲᠠ ᠪᠠᠨ ᠲᠣᠭᠲᠠᠭᠠᠵᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠪᠠᠶᠢᠭᠤᠯᠤᠮᠵᠢ ᠲᠣᠭᠲᠠᠴᠠ ᠪᠠᠨ ᠲᠡᠭᠦᠯᠳᠡᠷᠵᠢᠭᠦᠯᠵᠦ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠪᠦᠷᠢᠯᠳᠦᠭᠦᠯᠬᠦ ᠬᠡᠷᠡᠭᠲᠡᠢ᠃ ᠲᠤᠷᠰᠢᠯᠲᠠ ᠶᠢᠨ ᠴᠢᠭ ᠤᠨ ᠠᠵᠢᠯ ᠢᠶᠠᠨ ᠡᠮᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+ N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠶᠢᠳᠠᠪᠤᠷᠢᠵᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠳᠡᠭᠡᠭᠰᠢᠯᠡᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠷᠠᠭᠤᠯᠬᠤ᠂ ᠴᠢᠳᠠᠪᠤᠷᠢᠲᠠᠨ ᠤᠷᠢᠵᠤ ᠬᠡᠷᠡᠭᠯᠡᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠲᠦᠷᠭᠡᠳᠬᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号