ᠮᠠᠨ ᠤ ᠬᠤᠲᠠ ᠶᠢᠨ ᠨᠢᠭᠡ ᠲᠥᠷᠥᠯ ᠵᠦᠢᠯ 2023 ᠣᠨ ᠤ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2024/7/16
     ᠣᠶᠢᠷ᠎ᠠ ᠳᠤ᠂ ᠮᠠᠨ ᠤ ᠬᠤᠲᠠ ᠶᠢᠨ ᠰᠢᠩ ᠲᠠᠢ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠵᠤ᠂ ᠿᠦᠢ ᠪᠥᠸᠧ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠢᠨᠠᠨ ᠬᠠᠮᠢᠶᠠᠷᠤᠭᠰᠠᠨ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠥᠷᠥᠯ ᠵᠦᠢᠯ 2023 ᠣᠨ ᠤ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠭᠥᠷᠳᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠦᠯ ᠵᠦᠢᠯ ᠢ 2021 ᠣᠨ ᠤ 3 ᠰᠠᠷ᠎ᠠ ᠳᠤ ᠠᠵᠢᠯ ᠡᠬᠢᠯᠡᠭᠦᠯᠵᠦ᠂ 2023 ᠣᠨ ᠤ 2 ᠰᠠᠷ᠎ᠠ ᠳᠤ ᠠᠵᠢᠯ ᠳᠠᠭᠤᠰᠬᠠᠪᠠ᠃ ᠲᠣᠰ ᠲᠥᠷᠥᠯ ᠵᠦᠢᠯ ᠨᠢ ︽ᠪᠠᠷᠢᠯᠭ᠎ᠠ ᠶᠢᠨ ᠦᠢᠯᠡᠰ ᠤᠨ 10 ᠵᠦᠢᠯ ᠤᠨ ᠰᠢᠨ᠎ᠡ ᠮᠡᠷᠭᠡᠵᠢᠯ︾ ᠤᠨ ᠳᠣᠲᠣᠷᠠᠬᠢ 7 ᠶᠡᠭᠡ ᠲᠥᠷᠥᠯ᠂ 20 ᠪᠠᠭ᠎ᠠ ᠲᠥᠷᠥᠯ ᠤᠨ ᠰᠢᠨ᠎ᠡ ᠮᠡᠷᠭᠡᠵᠢᠯ ᠢ ᠭᠤᠤᠯᠳᠠᠯᠭ᠎ᠠ ᠲᠠᠢ ᠬᠡᠷᠡᠭᠯᠡᠵᠦ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠣᠷᠠᠨ ᠲᠠᠷᠬᠠᠯᠠᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠰᠢᠨ᠎ᠡ ᠶᠢ ᠡᠭᠦᠳᠬᠦ ᠰᠣᠳᠣᠨ ᠪᠠᠷᠢᠯᠭ᠎ᠠ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠮᠠᠨ ᠤ ᠬᠤᠲᠠ ᠶᠢᠨ ᠬᠡᠷ ᠪᠠᠶᠢᠰᠢᠩ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠶᠠᠰᠤ ᠴᠢᠨᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠨ᠂ ᠲᠡᠷᠢᠭᠦᠨ ᠳᠤ ᠣᠷᠣᠬᠤ ᠪᠠᠷ ᠵᠣᠷᠢᠭᠵᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠵᠦ᠂ ᠨᠠᠩ ᠥᠨᠳᠥᠷ ᠲᠠᠰ ᠤᠨ ᠰᠣᠳᠣᠨ ᠪᠠᠷᠢᠯᠭ᠎ᠠ ᠶᠢ ᠪᠠᠶᠢᠭᠤᠯᠵᠤ᠂ ︽ᠯᠦ ᠪᠠᠨ ᠱᠠᠩᠨᠠᠯ︾ ᠵᠡᠷᠭᠡ ᠤᠯᠤᠰ ᠤᠨ ᠲᠠᠰ ᠤᠨ ᠢᠷᠠᠭᠤ ᠠᠯᠳᠠᠷ ᠤᠨ ᠱᠠᠩᠨᠠᠯ ᠢ ᠴᠢᠷᠮᠠᠶᠢᠨ ᠡᠭᠦᠳᠬᠦ ᠳᠤ ᠪᠠᠲᠤ ᠪᠠᠬᠢ ᠰᠠᠭᠤᠷᠢ ᠲᠠᠯᠪᠢᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号