ᠦᠬᠠᠶ ᠬᠤᠲᠠ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/7/16
     ᠥᠪᠥᠷ ᠮᠣᠩᠭᠤᠯ ᠤᠨ ᠡᠳᠦᠷ ᠤᠨ ᠰᠣᠨᠢᠨ ᠤ 7 ᠰᠠᠷ᠎ᠠ ᠶᠢᠨ 14 ᠤ ᠡᠳᠦᠷ ᠤᠨ ᠮᠡᠳᠡᠭᠡ ︵ᠰᠤᠷᠪᠤᠯᠵᠢᠯᠠᠭᠴᠢ ᠶᠠᠩ ᠹᠠᠨ︶ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠠᠮᠤᠭ ᠤᠨ ᠰᠢᠨ᠎ᠡ ᠮᠡᠳᠡᠭᠡ᠄ ᠡᠨᠡ ᠵᠢᠯ ᠠᠴᠠ ᠨᠠᠰᠢ᠂ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠨᠢ ᠲᠡᠭᠡᠭᠰᠢᠯᠡᠬᠦᠯᠬᠦ ᠶᠢᠨ ᠲᠥᠯᠥᠭᠡ᠂ ᠦᠬᠠᠢ ᠬᠤᠲᠠ ᠶᠢᠨ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢ ᠰᠢᠨᠡᠳᠭᠡᠬᠦ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠨᠤᠭ ᠲᠥᠬᠦᠭᠡᠷᠦᠮᠵᠢ ᠶᠢ ᠰᠢᠨᠡᠳᠭᠡᠬᠦ ᠲᠥᠯᠥᠪᠯᠡᠭᠡ ᠲᠣᠭᠲᠠᠭᠠᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠲᠥᠷᠥᠯ ᠬᠤᠪᠢᠶᠠᠨ ᠮᠡᠳᠡᠬᠦᠯᠵᠦ᠂ ᠲᠣᠨᠤᠭ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠭᠡᠬᠦ ᠠᠵᠢᠯ ᠢ ᠡᠬᠢᠯᠡᠭᠦᠯᠪᠡ᠃ ᠣᠳᠣᠬᠠᠨ ᠳᠤ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ ᠲᠥᠬᠦᠭᠡᠷᠦᠮᠵᠢ ᠨᠥᠭᠡᠴᠡᠯᠡᠬᠦ ᠲᠥᠷᠥᠯ ᠵᠦᠢᠯ 9 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠪᠠᠨ 4.64 ᠳ᠋ᠦᠩᠰᠢᠭᠤᠷ ᠲᠥᠭᠦᠷᠢᠭ᠂ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠᠨ 3.18 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠲᠥᠯᠥᠪᠯᠡᠵᠦ ᠪᠠᠶᠢᠨ᠎ᠠ᠃      ᠡᠭᠦᠨ ᠳᠤ᠂ ᠤᠰᠤ ᠬᠠᠩᠭᠠᠬᠤ᠂ ᠢᠯᠴᠢ ᠬᠠᠩᠭᠠᠬᠤ ᠵᠢᠴᠢ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ 6 ᠪᠠᠶᠢᠵᠤ᠂ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ᠂ ᠬᠤᠭᠤᠴᠠᠭ᠎ᠠ ᠠᠴᠠ ᠬᠡᠲᠦᠷᠡᠭᠰᠡᠨ ᠠᠯᠪᠠ ᠬᠠᠭᠠᠬᠤ ᠬᠡᠮᠵᠢᠭᠦᠷ᠂ ᠢᠯᠴᠢ ᠰᠣᠯᠢᠬᠤ ᠲᠥᠬᠦᠭᠡᠷᠦᠮᠵᠢ ᠵᠢᠴᠢ ᠪᠣᠬᠢᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢ ᠰᠢᠨᠡᠳᠬᠡᠬᠦ ᠪᠠᠷ ᠲᠥᠯᠥᠪᠯᠡᠵᠦ ᠪᠣᠶ︔ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠲᠥᠷᠥᠯ ᠵᠦᠢᠯ 2 ᠪᠠᠶᠢᠵᠤ᠂ ᠴᠡᠪᠡᠷ ᠴᠠᠬᠢᠯᠭᠠᠨ ᠬᠥᠳᠡᠯᠭᠡᠭᠦᠷᠲᠦ ᠰᠢᠨ᠎ᠡ ᠡᠨᠧᠷᠭᠢ ᠶᠢᠨ 101 ᠰᠠᠭᠤᠷᠢ ᠲᠦᠷᠢᠶᠡᠰᠦᠨ ᠮᠠᠰᠢᠨ ᠲᠡᠷᠭᠡ᠂ ᠰᠢᠨ᠎ᠡ ᠡᠨᠧᠷᠭᠢ ᠶᠢᠨ 104 ᠰᠠᠭᠤᠷᠢ ᠨᠡᠶᠢᠲᠡ ᠶᠢᠨ ᠮᠠᠰᠢᠨ ᠲᠡᠷᠭᠡ ᠶᠢ ᠰᠢᠨᠡᠳᠬᠡᠬᠦ ᠪᠠᠷ ᠲᠥᠯᠥᠪᠯᠡᠵᠦ᠂ ᠣᠳᠣᠬᠠᠨ ᠳᠤ 28 ᠰᠠᠭᠤᠷᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠨᠢᠭᠡᠨᠲᠡ ᠠᠰᠢᠭᠯᠠᠯᠲᠠ ᠳᠤ ᠣᠷᠣᠭᠤᠯᠪᠡ︔ ᠰᠣᠶᠣᠯ ᠵᠢᠭᠤᠯᠴᠢᠯᠠᠯ ᠤᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ 1 ᠪᠠᠶᠢᠵᠤ᠂ ᠦᠬᠠᠶ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠩᠭᠤᠴᠠ ᠰᠠᠯ᠂ ᠵᠤᠭ᠎ᠠ ᠴᠡᠩᠭᠡᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠡᠵᠡᠩᠨᠡᠯᠲᠡ ᠶᠢᠨ ᠭᠠᠷᠠᠮ ᠵᠢᠴᠢ ᠠᠮᠤᠷ ᠲᠦᠪᠰᠢᠨ ᠬᠢᠭᠡᠳ ᠭᠠᠯ ᠤᠨᠲᠠᠷᠠᠭᠠᠬᠤ ᠲᠥᠬᠦᠭᠡᠷᠦᠮᠵᠢ᠂ ᠵᠤᠭᠠᠴᠠᠭᠰᠠᠳ ᠢ ᠬᠦᠯᠢᠶᠡᠨ ᠠᠪᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号