ᠼᠦᠢ ᠵᠢᠩ ᠶᠢᠩ ᠱᠠᠩᠬᠠᠢ ᠶᠢᠨ ᠱᠠᠨ ᠶᠤᠤ ᠰᠢᠨ᠎ᠡ ᠡᠨᠧᠷᠭᠢ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠧ ᠳ᠋ᠧ ᠵᠢᠶᠦ᠋ᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/16
     7 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠱᠠᠩᠬᠠᠶ ᠶᠢᠨ ᠱᠠᠨ ᠶᠤᠤ ᠰᠢᠨ᠎ᠡ ᠡᠨᠧᠷᠭᠢ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠧ ᠳ᠋ᠧ ᠵᠢᠶᠦ᠋ᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠰᠣᠯᠢᠯᠴᠠᠨ ᠵᠥᠪᠳᠡᠯᠴᠡᠪᠡ᠃ ᠬᠤᠲᠠ ᠶᠢᠨ ᠤᠳᠤᠷᠢᠳᠤᠯᠭ᠎ᠠ ᠯᠢ ᠳ᠋ᠦᠩ ᠣᠷᠣᠯᠴᠠᠪᠠ᠃      ᠼᠦᠢ ᠵᠢᠩ ᠶᠢᠩ ᠶᠧ ᠳ᠋ᠧ ᠵᠢᠶᠦ᠋ᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ ᠬᠢᠨ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ︽ᠰᠠᠯᠭᠢ ᠬᠡᠷᠡᠯ ᠤᠰᠤᠲᠥ᠋ᠷᠥᠭᠴᠢ ᠶᠢ ᠨᠥᠭᠡᠴᠡᠯᠡᠬᠦ︾ ᠶᠢ ᠨᠢᠭᠡ ᠴᠤᠬᠴᠠᠵᠢᠭᠤᠯᠤᠬᠰᠠᠨ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠱᠠᠩᠬᠠᠶ ᠶᠢᠨ ᠱᠠᠨ ᠶᠤᠤ ᠰᠢᠨ᠎ᠡ ᠡᠨᠧᠷᠭᠢ ᠶᠢᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠣᠯᠠᠨ ᠵᠢᠯ ᠤᠨ ᠲᠤᠷᠰᠢ ᠡᠵᠡᠩᠨᠡᠵᠦ᠂ ᠮᠡᠷᠭᠡᠵᠢᠯ ᠤᠷᠠᠨ ᠲᠠᠷᠬᠠᠯᠠᠯ ᠲᠡᠷᠢᠬᠦᠨ ᠡᠩᠨᠡᠭᠡᠨ ᠳᠤ ᠣᠷᠣᠵᠣ᠂ ᠬᠠᠮᠢᠶᠠᠷᠤᠯᠲᠠ ᠶᠢᠨ ᠲᠦᠪᠰᠢᠨ ᠲᠡᠷᠢᠭᠦᠨ ᠤ ᠬᠡᠮᠵᠢᠶ᠎ᠡ ᠳᠤ ᠬᠦᠷᠴᠦ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠦᠬᠠᠶ ᠬᠤᠲᠠ ᠯᠤᠭ᠎ᠠ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃      ᠶᠧ ᠳ᠋ᠧ ᠵᠢᠶᠦ᠋ᠨ ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠᠨ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ ᠲᠤᠪᠤᠶᠢᠮ᠎ᠠ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠤᠴᠢᠷ ᠠᠴᠠ ᠠᠵᠤ ᠠᠬᠤᠶᠢᠯᠠᠯ ᠶᠡᠭᠡ ᠦᠢᠯᠡᠰ ᠢ ᠪᠦᠲᠦᠭᠡᠵᠦ ᠪᠣᠯᠤᠨ᠎ᠠ᠃ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠬᠢᠨ ᠮᠡᠷᠭᠡᠵᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠡᠪᠡᠷ ᠡᠨᠧᠷᠭᠢ ᠶᠢᠨ ᠠᠰᠢᠭᠯᠠᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠬᠠᠢ ᠬᠤᠳᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号