ᠼᠦᠢ ᠵᠢᠩ ᠶᠢᠩ ᠠᠵᠤ ᠦᠢᠯᠡᠳᠪᠦᠷᠢ ᠶᠢᠨ ᠲᠦᠷᠦᠯ ᠵᠦᠢᠯ ᠪᠣᠯᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/17
     7 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠦᠬᠠᠢ ᠶᠢᠨ ᠬᠠᠶᠢᠷᠤᠪ ᠤᠨ ᠲᠤᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠬᠦᠷᠴᠦ᠂ ᠠᠵᠤ ᠦᠢᠯᠡᠳᠪᠦᠷᠢ ᠶᠢᠨ ᠲᠦᠷᠦᠯ ᠵᠦᠢᠯ ᠪᠣᠯᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃      ᠼᠦᠢ ᠵᠢᠩ ᠶᠢᠩ ᠨᠡᠷ ᠤᠷᠢᠳ ᠬᠤᠵᠢᠳ ᠥᠪᠥᠷ ᠮᠣᠩᠭᠤᠯ ᠤᠨ ᠸᠠᠨ ᠰᠧ ᠲᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ ᠶᠢᠨ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠲᠦᠷᠦᠯ ᠵᠦᠢᠯ᠂ ᠦᠬᠠᠢ ᠶᠢᠨ ᠢᠷᠢᠳᠢᠲᠤ ᠮᠤᠯᠢᠪᠳᠧᠨ ᠤ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠤᠶᠤᠨᠲᠤ ᠠᠭᠤᠷᠬᠠᠢ ᠶᠢᠨ ᠠᠴᠢᠶᠠᠨ ᠤ ᠮᠠᠰᠢᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠦᠷᠦᠯ ᠵᠦᠢᠯ᠂ ᠤᠯᠤᠰ ᠤᠨ ᠡᠨᠧᠷᠭᠢ ᠶᠢᠨ ᠯᠦᠩ ᠶᠤᠸᠠᠨ ᠤ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠶᠢᠨ ᠢᠳᠡᠪᠬᠢ ᠦᠭᠡᠢ ᠱᠠᠤ ᠥᠬᠡᠶᠢᠳᠡᠭᠦᠯᠬᠦ ᠲᠦᠷᠭᠡᠳᠬᠡᠭᠦᠷ ᠤᠨ ᠶᠡᠷᠦᠩᠬᠡᠶᠢᠯᠡᠭᠰᠡᠨ ᠠᠰᠢᠭᠯᠠᠯᠲᠠ ᠶᠢᠨ ᠲᠦᠷᠦᠯ ᠵᠦᠢᠯ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠦᠢᠯᠡᠳᠪᠦᠷᠢᠯᠡᠯ ᠤᠨ ᠣᠷᠠᠨ ᠲᠠᠷᠬᠠᠯᠠᠯ᠂ ᠡᠯᠧᠮᠧᠨ᠋ᠲ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠲᠥᠷᠥᠯ ᠵᠦᠢᠯ ᠪᠣᠯ ᠠᠵᠤ ᠠᠬᠤᠶ ᠶᠢᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠮᠥᠨ᠂ ᠬᠦᠷᠢᠶᠡᠯᠡᠩ ᠲᠣᠭᠤᠷᠢᠭ ᠪᠣᠯ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠵᠢᠭᠰᠠᠭᠠᠯ ᠤᠨ ᠭᠠᠵᠠᠷ ᠪᠠ ᠠᠵᠤ ᠦᠢᠯᠡᠰ ᠤᠨ ᠲᠥᠪᠯᠡᠷᠡᠯ ᠤᠨ ᠳᠠᠭᠠᠭᠠᠴᠠ ᠶᠢᠨ ᠣᠷᠣᠨ ᠮᠥᠨ᠃ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠣᠯᠣᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ ᠦᠢᠯᠡᠴᠢᠯᠡᠬᠦ᠂ ᠳᠠᠭᠠᠵᠤ ᠦᠢᠯᠡᠴᠢᠯᠡᠬᠦ ᠶᠢ ᠪᠠᠷᠢᠮᠲᠠᠯᠠᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠣᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠯᠢ ᠲᠦᠷᠭᠡᠨ ᠢᠶᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠭᠠᠷᠤᠯᠲᠠ ᠪᠠᠨ ᠲᠣᠭᠲᠠᠪᠤᠷᠢᠵᠢᠭᠤᠯᠤᠨ ᠭᠠᠷᠤᠯᠲᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠠᠯᠢ ᠲᠦᠷᠭᠡᠨ ᠢᠶᠠᠷ ︽ᠰᠢᠨ᠎ᠡ ᠳᠦᠷᠢ︾ ᠳᠤ ᠵᠣᠬᠢᠴᠠᠵᠤ᠂ ᠪᠠᠶᠢᠭᠤᠯᠤᠯ ᠲᠣᠭᠲᠠᠴᠠ  ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠦᠢᠯᠡᠴᠢᠯᠡᠭᠡᠨ ᠤ ᠦᠵᠦᠭᠦᠷ ᠢᠶᠠᠨ ᠤᠷᠢᠳᠴᠢᠯᠠᠨ ᠪᠠᠶᠢᠷᠢᠯᠠᠭᠤᠯᠬᠤ᠂ ᠡᠭᠦᠷᠭᠡ ᠴᠢᠳᠠᠪᠬᠢ ᠶᠢᠨ ᠪᠠᠶᠢᠭᠤᠯᠤᠮᠵᠢ ᠪᠠᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠠᠵᠤ ᠦᠢᠯᠡᠰ ᠢ ᠴᠣᠭᠴᠠᠯᠠᠬᠤ᠂ ᠡᠯᠧᠮᠧᠨ᠋ᠲ ᠤᠨ ᠪᠠᠲᠤᠯᠠᠭ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠯᠠ ᠪᠠᠶᠢᠭ᠎ᠠ ᠭᠠᠵᠠᠷ ᠰᠢᠷᠣᠢ ᠶᠢ ᠠᠮᠢᠳᠤᠯᠢᠭ ᠪᠣᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠦᠩ ᠰᠢᠮᠡᠯᠢᠭ ᠬᠥᠷᠥᠰᠥ ᠶᠢ ᠪᠠᠲᠤᠳᠬᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠬᠦ ᠶᠢᠨ ᠬᠠᠮᠲᠤ ᠵᠠᠬ᠎ᠠ ᠳᠡᠯᠭᠡᠭᠦᠷ ᠤᠨ ᠵᠠᠳᠠᠯᠤᠯᠲᠠ ᠪᠠᠨ ᠰᠠᠶᠢᠲᠤᠷ ᠬᠢᠵᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠠᠵᠢᠯ ᠢᠶᠠᠨ ᠤᠷᠢᠳᠴᠢᠯᠠᠨ ᠲᠥᠯᠥᠪᠵᠢᠭᠦᠯᠵᠦ᠂ ᠲᠤᠰ ᠪᠡᠶ᠎ᠡ ᠶᠢᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号