ᠼᠦᠢ ᠵᠢᠩ ᠶᠢᠩ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/7/17
     7 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃

     ᠼᠦᠢ ᠵᠢᠩ ᠶᠢᠩ ᠨᠡᠷ ᠤᠷᠢᠳ ᠬᠤᠵᠢᠳ ᠵᠢᠶᠠᠨ ᠱᠧ ᠵᠠᠮ ᠤᠨ ᠵᠦᠷᠢᠯᠢᠭ ᠬᠥᠭᠦᠷᠭᠡ᠂ ᠪᠢᠨ ᠾᠧ

ᠳᠤᠮᠳᠠᠳᠤ ᠰᠤᠷᠭᠠᠭᠤᠯᠢ ᠶᠢᠨ ᠢᠦᠢ ᠶᠢᠩ ᠬᠥᠭᠦᠷᠭᠡ᠂ ᠴᠡᠭᠡᠯ ᠭᠤᠤᠯ᠂ ᠴᠠᠪᠴᠢᠷ ᠭᠤᠤᠯ ᠵᠡᠷᠭᠡ ᠭᠠᠵᠠᠷ ᠲᠤ ᠬᠦᠷᠴᠦ᠂

ᠬᠤᠭᠤᠯᠠᠢ ᠶᠢᠨ ᠲᠣᠣᠷ ᠢ ᠥᠭᠡᠷᠡᠴᠢᠯᠡᠬᠦ᠂ ᠭᠤᠣᠯ ᠤᠨ ᠵᠠᠮ ᠤᠨ ᠦᠶᠡᠷ ᠵᠠᠯᠠᠬᠤ᠂ ᠪᠣᠷᠣᠭᠠᠨ ᠤ ᠤᠰᠤ ᠪᠠ ᠪᠣᠬᠢᠷ

ᠤᠰᠤᠨ ᠤ ᠲᠥᠬᠦᠭᠡᠷᠦᠮᠵᠢ ᠶᠢ ᠡᠷᠴᠢᠮᠵᠢᠭᠦᠯᠦᠨ ᠠᠰᠢᠭᠯᠠᠵᠤ ᠥᠭᠡᠷᠡᠴᠢᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ

 ᠨᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠯᠪᠠᠯᠠᠵᠤ᠂ ᠦᠶᠡᠷ ᠢ ᠰᠡᠷᠭᠡᠶᠢᠯᠡᠵᠦ ᠤᠰᠤᠲᠤᠯ ᠢ

ᠵᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠢ

ᠰᠢᠢᠳᠪᠦᠷᠢᠯᠡᠪᠡ᠃

     ᠼᠦᠢ ᠵᠢᠩ ᠶᠢᠩ ᠬᠡᠯᠡᠭᠰᠡᠨ ᠨᠢ᠂ ᠮᠠᠨ ᠤ ᠬᠤᠳᠠ ᠨᠢᠭᠡᠨᠲᠡ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ

ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ ᠲᠣᠭᠤᠷᠢᠭ᠂ ᠡᠯ᠎ᠡ

ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ

ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ

ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ

ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ

ᠭᠠᠮᠰᠢᠭ ᠠᠴᠠ ᠠᠪᠤᠷᠠᠬᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ

ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠦᠶᠡᠷ ᠢ

ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠡᠷᠡᠰ ᠰᠠᠶᠢᠲᠤᠷ ᠬᠢᠬᠦ ᠬᠡᠷᠡᠭᠲᠡᠢ᠃

ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ

ᠭᠠᠩ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠰᠠᠶᠢᠲᠤᠷ ᠬᠢᠵᠦ᠂ ᠬᠤᠳᠠ ᠶᠢᠨ ᠲᠣᠭᠤᠷᠢᠭ᠂

ᠠᠭᠤᠷᠬᠠᠢ ᠶᠢᠨ ᠣᠷᠣᠨ᠂ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ

ᠣᠷᠣᠨ ᠪᠠᠶᠢᠷᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ

ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠰᠣᠭᠤᠭ ᠢ ᠴᠤᠬᠤᠶᠢᠵᠤ

ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ

ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ᠂ ᠴᠠᠭ ᠠᠭᠤᠷ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ

ᠰᠠᠯᠠᠭ᠎ᠠ ᠮᠥᠴᠢᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠᠨ

ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ

ᠥᠷᠨᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠᠨ ᠰᠠᠶᠢᠲᠤᠷ ᠠᠳᠬᠤᠵᠤ᠂ 24

ᠴᠠᠭ ᠢᠶᠠᠷ ᠵᠢᠵᠢᠭᠦᠷᠯᠡᠬᠦ ᠪᠠ ᠤᠳᠤᠷᠢᠳᠬᠤ ᠺᠠᠳ᠋ᠷ ᠵᠢᠵᠢᠭᠦᠷ ᠳᠠᠭᠠᠭᠤᠯᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂

ᠪᠠᠴᠢᠮ ᠪᠠᠶᠢᠳᠠᠯ ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃

ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠭᠤᠣᠯ

ᠬᠤᠳᠠ ᠶᠢᠨ ᠲᠣᠭᠤᠷᠢᠭ ᠤᠨ ᠪᠣᠷᠣᠭᠠᠨ ᠤ ᠤᠰᠤ ᠪᠠ ᠪᠣᠬᠢᠷᠲᠤᠯ ᠤᠨ ᠲᠥᠬᠦᠭᠡᠷᠦᠮᠵᠢ ᠶᠢ ᠡᠷᠴᠢᠮᠵᠢᠭᠦᠯᠦᠨ

ᠠᠰᠢᠭᠯᠠᠬᠤ ᠥᠭᠡᠷᠡᠴᠢᠯᠡᠯᠲᠡ ᠵᠢᠴᠢ ᠬᠤᠳᠠ ᠶᠢᠨ ᠤᠰᠤᠲᠤᠯ ᠢ ᠵᠠᠰᠠᠬᠤ ᠢᠨᠵᠧᠨᠧᠷᠢᠩ ᠤᠨ ᠪᠦᠳᠦᠭᠡᠨ

ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠬᠤᠳᠠ ᠶᠢᠨ ᠠᠮᠠᠷᠬᠠᠨ ᠤᠰᠤᠲᠤᠳᠠᠭ ᠤᠰᠤ ᠬᠤᠷᠠᠬᠤ ᠴᠢᠭ ᠢ

ᠪᠦᠬᠦ ᠲᠠᠯ᠎ᠠ ᠪᠠᠷ ᠠᠷᠢᠯᠭᠠᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠬᠤ ᠶᠢ ᠵᠠᠯᠠᠬᠤ ᠴᠢᠳᠠᠪᠤᠷᠢ ᠪᠠᠨ

ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号